ᠬᠦᠯᠢᠶᠡᠨ ᠰᠢᠢᠳᠪᠦᠷᠢᠯᠡᠬᠦ ᠨᠥᠬᠦᠴᠡᠯ | ᠬᠠᠩᠭᠠᠭᠰᠠᠨ ᠮᠠᠲ᠋ᠧᠷᠢᠶᠠᠯ ᠨᠢ ᠪᠦᠷᠢᠨ ᠭᠦᠢᠴᠡᠳ᠂ ᠣᠨᠣᠪᠴᠢᠲᠠᠢ᠃ | | ᠲᠣᠭᠲᠠᠭᠠᠭᠰᠠᠨ ᠦᠨᠳᠦᠰᠦᠯᠡᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠴᠢᠨ ᠤ ᠲᠤᠰᠬᠠᠶ ᠬᠤᠷᠰᠢᠶᠠᠵᠢᠯ ᠤᠨ | ᠬᠠᠤᠯᠢ》 ᠶᠢᠨ ᠲᠠᠪᠤᠳᠤᠭᠠᠷ ᠵᠤᠷᠪᠤᠰ ᠲᠤ᠂ ᠲᠠᠷᠢᠶᠠᠴᠢᠨ ᠤ ᠲᠤᠰᠬᠠᠶ ᠬᠤᠷᠰᠢᠶᠠᠵᠢᠯ ᠨᠢ ᠲᠤᠰ ᠬᠠᠤᠯᠢ ᠶᠢᠨ | ᠶᠣᠰᠣᠭᠠᠷ ᠳᠠᠩᠰᠠᠯᠠᠭᠤᠯᠤᠭᠠᠳ ᠬᠠᠤᠯᠢ ᠶᠢᠨ ᠡᠷᠬᠡᠲᠡᠨ ᠤ ᠬᠢᠷᠢ ᠬᠡᠮ ᠢ ᠣᠯᠤᠨ᠎ᠠ᠃ | ᠠᠷᠪᠠᠨ ᠵᠢᠷᠭᠤᠳᠤᠭᠠᠷ ᠵᠤᠷᠪᠤᠰ ᠲᠤ᠂ ᠲᠠᠷᠢᠶᠠᠴᠢᠨ ᠤ ᠲᠤᠰᠬᠠᠶ ᠬᠤᠷᠰᠢᠶᠠᠵᠢᠯ ᠢ ᠪᠠᠶᠢᠭᠤᠯᠬᠤ ᠳᠤ | ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠣᠣᠷ᠎ᠠ | ᠵᠢᠭᠰᠠᠭᠠᠭᠰᠠᠨ ᠪᠢᠴᠢᠭ ᠮᠠᠲ᠋ᠧᠷᠢᠶᠠᠯ ᠢ ᠲᠤᠰᠢᠶᠠᠵᠤ᠂ ᠪᠠᠶᠢᠭᠤᠯᠬᠤ ᠲᠠᠩᠰᠠᠯᠠᠯᠳᠠ ᠬᠢᠯᠭᠡᠬᠦ ᠪᠠᠷ ᠭᠤᠶᠤᠴᠢᠯᠠᠬᠤ | ᠬᠡᠷᠡᠭᠲᠡᠶ ᠁ | ᠳᠠᠩᠰᠠᠯᠠᠬᠤ ᠪᠠᠶᠢᠭᠤᠯᠭ᠎ᠠ ᠨᠢ ᠳᠠᠩᠰᠠᠯᠠᠭᠤᠯᠬᠤ ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ | ᠡᠳᠦᠷ ᠠᠴᠠ ᠡᠬᠢᠯᠡᠨ ᠬᠤᠷᠢᠨ ᠡᠳᠦᠷ ᠤᠨ ᠳᠣᠲᠣᠷ᠎ᠠ ᠭᠦᠢᠴᠡᠳᠬᠡᠵᠦ ᠳᠠᠭᠤᠰᠬᠠᠭᠠᠳ᠂ ᠳᠠᠩᠰᠠᠯᠠᠬᠤ ᠨᠥᠬᠦᠴᠡᠯ ᠳᠤ | ᠨᠡᠶᠢᠴᠡᠭᠰᠡᠨ ᠭᠤᠶᠤᠴᠢᠯᠠᠭᠴᠢ ᠳᠤ ᠡᠵᠡᠩᠨᠡᠯᠲᠡ ᠶᠢᠨ ᠦᠨᠡᠮᠯᠡᠯ ᠣᠯᠭᠤᠬᠤ ᠬᠡᠷᠡᠭᠲᠡᠶ᠂ ᠳᠠᠩᠰᠠᠯᠠᠬᠤ ᠲᠦᠷᠦᠯ | ᠬᠡᠯᠪᠡᠷᠢ ᠨᠢ ᠲᠠᠷᠢᠶᠠᠴᠢᠨ ᠤ ᠲᠤᠰᠬᠠᠶ ᠬᠤᠷᠰᠢᠶᠠᠵᠢᠯ ᠪᠣᠯᠤᠨ᠎ᠠ᠃ | ᠲᠠᠷᠢᠶᠠᠴᠢᠨ ᠤ ᠲᠤᠰᠬᠠᠶ ᠬᠤᠷᠰᠢᠶᠠᠵᠢᠯ ᠨᠢ ᠬᠠᠤᠯᠢ ᠪᠠᠷ ᠲᠣᠭᠲᠠᠭᠠᠭᠰᠠᠨ ᠳᠠᠩᠰᠠᠯᠠᠭᠤᠯᠬᠤ ᠵᠦᠢᠯᠡᠰ ᠢ | ᠬᠤᠪᠢᠷᠠᠭᠤᠯᠬᠤ ᠳᠤ ᠬᠦᠷᠪᠡᠯ᠂ ᠬᠤᠪᠢᠷᠠᠭᠤᠯᠬᠤ ᠲᠠᠩᠰᠠᠯᠠᠯᠳᠠ ᠬᠢᠯᠭᠡᠬᠦ ᠪᠠᠷ ᠭᠤᠶᠤᠴᠢᠯᠠᠬᠤ ᠬᠡᠷᠡᠭᠲᠡᠶ᠃ | ᠳᠥᠴᠢ ᠶᠢᠰᠦᠳᠦᠭᠡᠷ ᠵᠤᠷᠪᠤᠰ ᠲᠤ᠂ ᠢᠯᠭᠠᠷᠠᠭᠤᠯᠤᠨ ᠪᠣᠳᠣᠬᠤ ᠳᠤᠭᠤᠶᠢᠯᠠᠩ ᠪᠠᠶᠢᠭᠤᠯᠤᠭᠳᠠᠭᠰᠠᠨ | ᠡᠳᠦᠷ ᠠᠴᠠ ᠪᠠᠨ ᠡᠬᠢᠯᠡᠨ ᠲᠠᠷᠢᠶᠠᠴᠢᠨ ᠤ ᠲᠤᠰᠬᠠᠶ ᠬᠤᠷᠰᠢᠶᠠᠵᠢᠯ ᠢ ᠬᠦᠯᠢᠶᠠᠨ ᠠᠪᠴᠤ ᠬᠠᠮᠢᠶᠠᠷᠤᠨ᠂ | ᠢᠯᠭᠠᠷᠠᠭᠤᠯᠤᠨ ᠪᠤᠳᠤᠬᠤ ᠳᠤ ᠬᠤᠯᠪᠣᠭᠳᠠᠬᠤ ᠰᠢᠢᠳᠪᠦᠷᠢᠯᠡᠵᠦ ᠳᠠᠭᠤᠰᠬᠠᠭᠠᠳᠤᠶ ᠲᠤᠬᠠᠶᠢᠯᠠᠭᠰᠠᠨ ᠠᠵᠢᠯ ᠢ | ᠬᠠᠷᠢᠭᠤᠴᠠᠨ ᠰᠢᠢᠳᠪᠦᠷᠢᠯᠡᠵᠦ᠂ ᠡᠳ᠋ ᠬᠦᠷᠦᠩᠭᠡ ᠪᠠ ᠠᠪᠤᠴᠠᠭ᠎ᠠ᠂ ᠥᠭᠴᠡᠭᠡ ᠶᠢ ᠢᠯᠭᠠᠷᠠᠭᠤᠯᠤᠨ ᠲᠢᠭᠯᠡᠵᠤ᠂ | ᠥᠭᠴᠡᠭᠡ ᠶᠢ ᠲᠦᠯᠦᠭᠰᠡᠨ ᠤ ᠳᠠᠷᠠᠭᠠᠬᠢ ᠦᠯᠡᠳᠡᠭᠰᠡᠨ ᠡᠳ᠋ ᠬᠦᠷᠦᠩᠭᠡ ᠶᠢ ᠬᠤᠪᠢᠶᠠᠷᠢᠯᠠᠵᠤ᠂ ᠲᠠᠷᠢᠶᠠᠴᠢᠨ ᠤ | ᠲᠤᠰᠬᠠᠶ ᠬᠤᠷᠰᠢᠶᠠᠵᠢᠯ ᠢ ᠲᠥᠯᠥᠭᠡᠯᠡᠨ ᠵᠠᠷᠭᠤᠯᠳᠤᠬᠤ᠂ ᠬᠥᠨᠳᠡᠯᠡᠨ ᠠᠴᠠ ᠲᠠᠰᠤᠯᠬᠤ ᠪᠤᠶᠤ ᠪᠤᠰᠤᠳ ᠬᠠᠤᠯᠢ | ᠴᠠᠭᠠᠵᠠ ᠶᠢᠨ ᠵᠢᠷᠤᠮ ᠳᠤ ᠣᠷᠣᠯᠴᠠᠬᠤ ᠪᠥᠭᠡᠳ ᠢᠯᠭᠠᠷᠠᠭᠤᠯᠤᠨ ᠪᠤᠳᠤᠵᠤ ᠳᠠᠭᠤᠰᠬᠤ ᠦᠶ᠎ᠡ ᠳᠤ ᠲᠠᠩᠰᠠᠨ ᠠᠴᠠ | ᠬᠠᠰᠤᠬᠤ ᠲᠠᠩᠰᠠᠯᠠᠯᠳᠠ ᠬᠢᠯᠭᠡᠨ᠎ᠡ᠃ | ᠲᠠᠪᠢᠨ ᠳᠣᠯᠣᠳᠤᠭᠠᠷ ᠵᠤᠷᠪᠤᠰ ᠲᠤ᠂ ᠲᠠᠷᠢᠶᠠᠴᠢᠨ ᠤ ᠲᠤᠰᠬᠠᠶ ᠬᠤᠷᠰᠢᠶᠠᠵᠢᠯ ᠤᠨ ᠬᠤᠯᠪᠣᠭᠠᠲᠤ | ᠬᠤᠷᠰᠢᠶ᠎ᠠ ᠨᠢ ᠲᠤᠰ ᠬᠠᠤᠯᠢ ᠶᠢᠨ ᠶᠣᠰᠣᠭᠠᠷ ᠳᠠᠩᠰᠠᠯᠠᠭᠤᠯᠵᠤ᠂ ᠬᠠᠤᠯᠢ ᠶᠢᠨ ᠡᠷᠬᠡᠲᠡᠨ ᠤ ᠬᠢᠷᠢ ᠬᠡᠮ ᠣᠯᠵᠤ᠂ | ᠡᠵᠡᠩᠨᠡᠯᠲᠡ ᠶᠢᠨ ᠦᠨᠡᠮᠯᠡᠯ ᠠᠪᠤᠨ᠎ᠠ᠂ ᠳᠠᠩᠰᠠᠯᠠᠭᠤᠯᠤᠭᠰᠠᠨ ᠲᠦᠷᠦᠯ ᠬᠡᠯᠪᠡᠷᠢ ᠨᠢ ᠲᠠᠷᠢᠶᠠᠴᠢᠨ ᠤ ᠲᠤᠰᠬᠠᠶ | ᠬᠤᠷᠰᠢᠶᠠᠵᠢᠯ ᠤ ᠬᠤᠯᠪᠣᠭᠠᠲᠤ ᠬᠤᠷᠰᠢᠶ᠎ᠠ ᠪᠣᠯᠤᠨ᠎ᠠ᠃ | ︽ᠲᠠᠷᠢᠶᠠᠴᠢᠨ ᠤ ᠲᠤᠰᠬᠠᠶ ᠬᠤᠷᠰᠢᠶᠠᠵᠢᠯ ᠤᠨ ᠳᠠᠩᠰᠠᠯᠠᠨ ᠬᠠᠮᠢᠶᠠᠷᠬᠤ ᠳᠦᠷᠢᠮ︾ ᠤᠨ ᠬᠤᠶᠠᠳᠤᠭᠠᠷ | ᠵᠤᠷᠪᠤᠰ ᠲᠤ᠂ ᠲᠠᠷᠢᠶᠠᠴᠢᠨ ᠤ ᠲᠤᠰᠬᠠᠶ ᠬᠤᠷᠰᠢᠶᠠᠵᠢᠯ ᠢ ᠪᠠᠶᠢᠭᠤᠯᠬᠤ᠂ ᠬᠤᠪᠢᠷᠠᠭᠤᠯᠬᠤ ᠪᠠ ᠬᠦᠴᠦᠨ ᠦᠭᠡᠢ | ᠪᠣᠯᠭᠠᠬᠤ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠴᠢᠨ ᠤ ᠲᠤᠰᠬᠠᠶ | ᠬᠤᠷᠰᠢᠶᠠᠵᠢᠯ ᠤᠨ ᠬᠠᠤᠯᠢ︾ ᠪᠠ ᠲᠤᠰ ᠲᠦᠷᠢᠮ ᠤᠨ ᠲᠣᠭᠲᠠᠭᠠᠯ ᠶᠣᠰᠣᠭᠠᠷ ᠳᠠᠩᠰᠠᠯᠠᠭᠤᠯᠬᠤ ᠬᠡᠷᠡᠭᠲᠡᠶ ᠁ | ᠳᠥᠷᠪᠡᠳᠦᠭᠡᠷ ᠵᠤᠷᠪᠤᠰ ᠲᠤ ᠁ ᠲᠠᠷᠢᠶᠠᠴᠢᠨ ᠤ ᠲᠤᠰᠬᠠᠶ ᠬᠤᠷᠰᠢᠶᠠᠵᠢᠯ ᠢ ᠪᠠᠶᠢᠭ᠎ᠠ ᠭᠠᠵᠠᠷ ᠤᠨ | ᠰᠢᠶᠠᠨ ︵ᠬᠤᠳᠠ︶᠂ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠠᠴᠠ ᠳᠠᠩᠰᠠᠯᠠᠭᠤᠯᠤᠨ᠎ᠠ ᠁ | ᠭᠤᠴᠢᠳᠤᠭᠠᠷ ᠵᠤᠷᠪᠤᠰ ᠲᠤ᠂ ᠲᠠᠷᠢᠶᠠᠴᠢᠨ ᠤ ᠲᠤᠰᠬᠠᠶ ᠬᠤᠷᠰᠢᠶᠠᠵᠢᠯ ᠨᠢ ᠰᠠᠯᠪᠤᠷᠢ ᠪᠠᠶᠢᠭᠤᠯᠤᠮᠵᠢ | ᠪᠠᠶᠢᠭᠤᠯᠵᠤ ᠪᠣᠯᠬᠤ ᠪᠥᠭᠡᠳ ᠲᠤᠰ ᠲᠦᠷᠢᠮ ᠤᠨ ᠲᠠᠷᠢᠶᠠᠴᠢᠨ ᠤ ᠲᠤᠰᠬᠠᠶ ᠬᠤᠷᠰᠢᠶᠠᠵᠢᠯ ᠢ ᠳᠠᠩᠰᠠᠯᠠᠭᠤᠯᠬᠤ | ᠲᠤᠬᠠᠶ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠠᠯᠪᠤᠷᠢ ᠪᠠᠶᠢᠭᠤᠯᠤᠮᠵᠢ ᠶᠢᠨ ᠪᠠᠶᠢᠭ᠎ᠠ ᠭᠠᠵᠠᠷ ᠤᠨ ᠳᠠᠩᠰᠠᠯᠠᠬᠤ | ᠪᠠᠶᠢᠭᠤᠯᠭ᠎ᠠ ᠳᠤ ᠭᠤᠶᠤᠴᠢᠯᠠᠨ ᠳᠠᠩᠰᠠᠯᠠᠭᠤᠯᠵᠤ ᠪᠣᠯᠤᠨ᠎ᠠ᠃ ᠲᠠᠷᠢᠶᠠᠴᠢᠨ ᠤ ᠲᠤᠰᠬᠠᠶ ᠬᠤᠷᠰᠢᠶᠠᠵᠢᠯ ᠤᠨ ᠰᠠᠯᠪᠤᠷᠢ | ᠪᠠᠶᠢᠭᠤᠯᠤᠮᠵᠢ ᠨᠢ ᠬᠠᠤᠯᠢ ᠶᠢᠨ ᠡᠷᠬᠡᠲᠡᠨ ᠤ ᠬᠢᠷᠢ ᠬᠡᠮ ᠪᠠᠶᠢᠬᠤ ᠦᠭᠡᠢ᠃ ᠁ | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ | | ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ | ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 20 — | 22 ᠳ᠋ᠤᠭᠠᠷ ᠴᠣᠩᠬᠤ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ | ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃ | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ | ᠨᠡᠶᠢᠲᠡᠯᠡᠪᠡ᠃ | ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw. | nmg.gov.cn/handle_affairs_detail? | item_detail_id=ff80808175b4c8650175b4fd4d8c3534®ionCode=150421000000&highlight=personal&record=istrue |