ᠲᠠᠷᠢᠶᠠᠴᠢᠨ ᠤ ᠲᠤᠰᠬᠠᠶ ᠬᠤᠷᠰᠢᠶᠠᠵᠢᠯ ᠤᠨ ᠬᠤᠪᠢᠶᠠᠷᠢ ᠬᠤᠷᠰᠢᠶᠠᠵᠢᠯ ᠤᠨ ᠬᠤᠪᠢᠷᠭᠠᠯᠲᠠ ᠶᠢᠨ ︵ᠳᠠᠩᠰᠠᠯᠠᠭᠤᠯᠬᠤ︶ ᠳᠠᠩᠰᠠᠯᠠᠯᠲᠠ
ᠨᠡᠶᠢᠲᠡᠯᠡᠭᠰᠡᠨ ᠴᠠᠭ᠄
2021/11/24
ᠬᠦᠯᠢᠶᠡᠨ ᠰᠢᠢᠳᠪᠦᠷᠢᠯᠡᠬᠦ ᠨᠥᠬᠦᠴᠡᠯ        ᠬᠠᠤᠯᠢ ᠴᠠᠭᠠᠵᠠ ᠬᠠᠤᠯᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃ᠲᠣᠭᠲᠠᠭᠠᠭᠰᠠᠨ ᠦᠨᠳᠦᠰᠦᠯᠡᠯ        ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠴᠢᠨ ᠤ ᠲᠤᠰᠬᠠᠶ ᠬᠤᠷᠰᠢᠶᠠᠵᠢᠯ ᠤᠨ ᠬᠠᠤᠯᠢ》 ᠶᠢᠨ ᠲᠠᠪᠤᠳᠤᠭᠠᠷ ᠵᠤᠷᠪᠤᠰ ᠲᠤ᠂ ᠲᠠᠷᠢᠶᠠᠴᠢᠨ ᠤ ᠲᠤᠰᠬᠠᠶ ᠬᠤᠷᠰᠢᠶᠠᠵᠢᠯ ᠨᠢ ᠲᠤᠰ ᠬᠠᠤᠯᠢ ᠶᠢᠨ ᠶᠣᠰᠣᠭᠠᠷ ᠳᠠᠩᠰᠠᠯᠠᠭᠤᠯᠤᠭᠠᠳ ᠬᠠᠤᠯᠢ ᠶᠢᠨ ᠡᠷᠬᠡᠲᠡᠨ ᠤ ᠬᠢᠷᠢ ᠬᠡᠮ ᠢ ᠣᠯᠤᠨ᠎ᠠ᠃        ᠠᠷᠪᠠᠨ ᠵᠢᠷᠭᠤᠳᠤᠭᠠᠷ ᠵᠤᠷᠪᠤᠰ ᠲᠤ᠂ ᠲᠠᠷᠢᠶᠠᠴᠢᠨ ᠤ ᠲᠤᠰᠬᠠᠶ ᠬᠤᠷᠰᠢᠶᠠᠵᠢᠯ ᠢ ᠪᠠᠶᠢᠭᠤᠯᠬᠤ ᠳᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠣᠣᠷ᠎ᠠ ᠵᠢᠭᠰᠠᠭᠠᠭᠰᠠᠨ ᠪᠢᠴᠢᠭ ᠮᠠᠲ᠋ᠧᠷᠢᠶᠠᠯ ᠢ ᠲᠤᠰᠢᠶᠠᠵᠤ᠂ ᠪᠠᠶᠢᠭᠤᠯᠬᠤ ᠲᠠᠩᠰᠠᠯᠠᠯᠳᠠ ᠬᠢᠯᠭᠡᠬᠦ ᠪᠠᠷ ᠭᠤᠶᠤᠴᠢᠯᠠᠬᠤ ᠬᠡᠷᠡᠭᠲᠡᠶ ᠁        ᠳᠠᠩᠰᠠᠯᠠᠬᠤ ᠪᠠᠶᠢᠭᠤᠯᠭ᠎ᠠ ᠨᠢ ᠳᠠᠩᠰᠠᠯᠠᠭᠤᠯᠬᠤ ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠡᠳᠦᠷ ᠠᠴᠠ ᠡᠬᠢᠯᠡᠨ ᠬᠤᠷᠢᠨ ᠡᠳᠦᠷ ᠤᠨ ᠳᠣᠲᠣᠷ᠎ᠠ ᠭᠦᠢᠴᠡᠳᠬᠡᠵᠦ ᠳᠠᠭᠤᠰᠬᠠᠭᠠᠳ᠂ ᠳᠠᠩᠰᠠᠯᠠᠬᠤ ᠨᠥᠬᠦᠴᠡᠯ ᠳᠤ ᠨᠡᠶᠢᠴᠡᠭᠰᠡᠨ ᠭᠤᠶᠤᠴᠢᠯᠠᠭᠴᠢ ᠳᠤ ᠡᠵᠡᠩᠨᠡᠯᠲᠡ ᠶᠢᠨ ᠦᠨᠡᠮᠯᠡᠯ ᠣᠯᠭᠤᠬᠤ ᠬᠡᠷᠡᠭᠲᠡᠶ᠂ ᠳᠠᠩᠰᠠᠯᠠᠬᠤ ᠲᠦᠷᠦᠯ ᠬᠡᠯᠪᠡᠷᠢ ᠨᠢ ᠲᠠᠷᠢᠶᠠᠴᠢᠨ ᠤ ᠲᠤᠰᠬᠠᠶ ᠬᠤᠷᠰᠢᠶᠠᠵᠢᠯ ᠪᠣᠯᠤᠨ᠎ᠠ᠃        ᠲᠠᠷᠢᠶᠠᠴᠢᠨ ᠤ ᠲᠤᠰᠬᠠᠶ ᠬᠤᠷᠰᠢᠶᠠᠵᠢᠯ ᠨᠢ ᠬᠠᠤᠯᠢ ᠪᠠᠷ ᠲᠣᠭᠲᠠᠭᠠᠭᠰᠠᠨ ᠳᠠᠩᠰᠠᠯᠠᠭᠤᠯᠬᠤ ᠵᠦᠢᠯᠡᠰ ᠢ ᠬᠤᠪᠢᠷᠠᠭᠤᠯᠬᠤ ᠳᠤ ᠬᠦᠷᠪᠡᠯ᠂ ᠬᠤᠪᠢᠷᠠᠭᠤᠯᠬᠤ ᠲᠠᠩᠰᠠᠯᠠᠯᠳᠠ ᠬᠢᠯᠭᠡᠬᠦ ᠪᠠᠷ ᠭᠤᠶᠤᠴᠢᠯᠠᠬᠤ ᠬᠡᠷᠡᠭᠲᠡᠶ᠃        ᠳᠥᠴᠢ ᠶᠢᠰᠦᠳᠦᠭᠡᠷ ᠵᠤᠷᠪᠤᠰ ᠲᠤ᠂ ᠢᠯᠭᠠᠷᠠᠭᠤᠯᠤᠨ ᠪᠣᠳᠣᠬᠤ ᠳᠤᠭᠤᠶᠢᠯᠠᠩ ᠪᠠᠶᠢᠭᠤᠯᠤᠭᠳᠠᠭᠰᠠᠨ ᠡᠳᠦᠷ ᠠᠴᠠ ᠪᠠᠨ ᠡᠬᠢᠯᠡᠨ ᠲᠠᠷᠢᠶᠠᠴᠢᠨ ᠤ ᠲᠤᠰᠬᠠᠶ ᠬᠤᠷᠰᠢᠶᠠᠵᠢᠯ ᠢ ᠬᠦᠯᠢᠶᠠᠨ ᠠᠪᠴᠤ ᠬᠠᠮᠢᠶᠠᠷᠤᠨ᠂ ᠢᠯᠭᠠᠷᠠᠭᠤᠯᠤᠨ ᠪᠤᠳᠤᠬᠤ ᠳᠤ ᠬᠤᠯᠪᠣᠭᠳᠠᠬᠤ ᠰᠢᠢᠳᠪᠦᠷᠢᠯᠡᠵᠦ ᠳᠠᠭᠤᠰᠬᠠᠭᠠᠳᠤᠶ ᠲᠤᠬᠠᠶᠢᠯᠠᠭᠰᠠᠨ ᠠᠵᠢᠯ ᠢ ᠬᠠᠷᠢᠭᠤᠴᠠᠨ ᠰᠢᠢᠳᠪᠦᠷᠢᠯᠡᠵᠦ᠂ ᠡᠳ᠋ ᠬᠦᠷᠦᠩᠭᠡ ᠪᠠ ᠠᠪᠤᠴᠠᠭ᠎ᠠ᠂ ᠥᠭᠴᠡᠭᠡ ᠶᠢ ᠢᠯᠭᠠᠷᠠᠭᠤᠯᠤᠨ ᠲᠢᠭᠯᠡᠵᠤ᠂ ᠥᠭᠴᠡᠭᠡ ᠶᠢ ᠲᠦᠯᠦᠭᠰᠡᠨ ᠤ ᠳᠠᠷᠠᠭᠠᠬᠢ ᠦᠯᠡᠳᠡᠭᠰᠡᠨ ᠡᠳ᠋ ᠬᠦᠷᠦᠩᠭᠡ ᠶᠢ ᠬᠤᠪᠢᠶᠠᠷᠢᠯᠠᠵᠤ᠂ ᠲᠠᠷᠢᠶᠠᠴᠢᠨ ᠤ ᠲᠤᠰᠬᠠᠶ ᠬᠤᠷᠰᠢᠶᠠᠵᠢᠯ ᠢ ᠲᠥᠯᠥᠭᠡᠯᠡᠨ ᠵᠠᠷᠭᠤᠯᠳᠤᠬᠤ᠂ ᠬᠥᠨᠳᠡᠯᠡᠨ ᠠᠴᠠ ᠲᠠᠰᠤᠯᠬᠤ ᠪᠤᠶᠤ ᠪᠤᠰᠤᠳ ᠬᠠᠤᠯᠢ ᠴᠠᠭᠠᠵᠠ ᠶᠢᠨ ᠵᠢᠷᠤᠮ ᠳᠤ ᠣᠷᠣᠯᠴᠠᠬᠤ ᠪᠥᠭᠡᠳ ᠢᠯᠭᠠᠷᠠᠭᠤᠯᠤᠨ ᠪᠤᠳᠤᠵᠤ ᠳᠠᠭᠤᠰᠬᠤ ᠦᠶ᠎ᠡ ᠳᠤ ᠲᠠᠩᠰᠠᠨ ᠠᠴᠠ ᠬᠠᠰᠤᠬᠤ ᠲᠠᠩᠰᠠᠯᠠᠯᠳᠠ ᠬᠢᠯᠭᠡᠨ᠎ᠡ᠃        ᠲᠠᠪᠢᠨ ᠳᠣᠯᠣᠳᠤᠭᠠᠷ ᠵᠤᠷᠪᠤᠰ ᠲᠤ᠂ ᠲᠠᠷᠢᠶᠠᠴᠢᠨ ᠤ ᠲᠤᠰᠬᠠᠶ ᠬᠤᠷᠰᠢᠶᠠᠵᠢᠯ ᠤᠨ ᠬᠤᠯᠪᠣᠭᠠᠲᠤ ᠬᠤᠷᠰᠢᠶ᠎ᠠ ᠨᠢ ᠲᠤᠰ ᠬᠠᠤᠯᠢ ᠶᠢᠨ ᠶᠣᠰᠣᠭᠠᠷ ᠳᠠᠩᠰᠠᠯᠠᠭᠤᠯᠵᠤ᠂ ᠬᠠᠤᠯᠢ ᠶᠢᠨ ᠡᠷᠬᠡᠲᠡᠨ ᠤ ᠬᠢᠷᠢ ᠬᠡᠮ ᠣᠯᠵᠤ᠂ ᠡᠵᠡᠩᠨᠡᠯᠲᠡ ᠶᠢᠨ ᠦᠨᠡᠮᠯᠡᠯ ᠠᠪᠤᠨ᠎ᠠ᠂ ᠳᠠᠩᠰᠠᠯᠠᠭᠤᠯᠤᠭᠰᠠᠨ ᠲᠦᠷᠦᠯ ᠬᠡᠯᠪᠡᠷᠢ ᠨᠢ ᠲᠠᠷᠢᠶᠠᠴᠢᠨ ᠤ ᠲᠤᠰᠬᠠᠶ ᠬᠤᠷᠰᠢᠶᠠᠵᠢᠯ ᠤ ᠬᠤᠯᠪᠣᠭᠠᠲᠤ ᠬᠤᠷᠰᠢᠶ᠎ᠠ ᠪᠣᠯᠤᠨ᠎ᠠ᠃        ︽ᠲᠠᠷᠢᠶᠠᠴᠢᠨ ᠤ ᠲᠤᠰᠬᠠᠶ ᠬᠤᠷᠰᠢᠶᠠᠵᠢᠯ ᠤᠨ ᠳᠠᠩᠰᠠᠯᠠᠨ ᠬᠠᠮᠢᠶᠠᠷᠬᠤ ᠳᠦᠷᠢᠮ︾ ᠤᠨ ᠬᠤᠶᠠᠳᠤᠭᠠᠷ ᠵᠤᠷᠪᠤᠰ ᠲᠤ᠂ ᠲᠠᠷᠢᠶᠠᠴᠢᠨ ᠤ ᠲᠤᠰᠬᠠᠶ ᠬᠤᠷᠰᠢᠶᠠᠵᠢᠯ ᠢ ᠪᠠᠶᠢᠭᠤᠯᠬᠤ᠂ ᠬᠤᠪᠢᠷᠠᠭᠤᠯᠬᠤ ᠪᠠ ᠬᠦᠴᠦᠨ ᠦᠭᠡᠢ ᠪᠣᠯᠭᠠᠬᠤ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠴᠢᠨ ᠤ ᠲᠤᠰᠬᠠᠶ ᠬᠤᠷᠰᠢᠶᠠᠵᠢᠯ ᠤᠨ ᠬᠠᠤᠯᠢ︾ ᠪᠠ ᠲᠤᠰ ᠲᠦᠷᠢᠮ ᠤᠨ ᠲᠣᠭᠲᠠᠭᠠᠯ ᠶᠣᠰᠣᠭᠠᠷ ᠳᠠᠩᠰᠠᠯᠠᠭᠤᠯᠬᠤ ᠬᠡᠷᠡᠭᠲᠡᠶ ᠁        ᠳᠥᠷᠪᠡᠳᠦᠭᠡᠷ ᠵᠤᠷᠪᠤᠰ ᠲᠤ ᠁ ᠲᠠᠷᠢᠶᠠᠴᠢᠨ ᠤ ᠲᠤᠰᠬᠠᠶ ᠬᠤᠷᠰᠢᠶᠠᠵᠢᠯ ᠢ ᠪᠠᠶᠢᠭ᠎ᠠ ᠭᠠᠵᠠᠷ ᠤᠨ ᠰᠢᠶᠠᠨ ︵ᠬᠤᠳᠠ︶᠂ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠳᠠᠩᠰᠠᠯᠠᠭᠤᠯᠤᠨ᠎ᠠ ᠁        ᠭᠤᠴᠢᠳᠤᠭᠠᠷ ᠵᠤᠷᠪᠤᠰ ᠲᠤ᠂ ᠲᠠᠷᠢᠶᠠᠴᠢᠨ ᠤ ᠲᠤᠰᠬᠠᠶ ᠬᠤᠷᠰᠢᠶᠠᠵᠢᠯ ᠨᠢ ᠰᠠᠯᠪᠤᠷᠢ ᠪᠠᠶᠢᠭᠤᠯᠤᠮᠵᠢ ᠪᠠᠶᠢᠭᠤᠯᠵᠤ ᠪᠣᠯᠬᠤ ᠪᠥᠭᠡᠳ ᠲᠤᠰ ᠲᠦᠷᠢᠮ ᠤᠨ ᠲᠠᠷᠢᠶᠠᠴᠢᠨ ᠤ ᠲᠤᠰᠬᠠᠶ ᠬᠤᠷᠰᠢᠶᠠᠵᠢᠯ ᠢ ᠳᠠᠩᠰᠠᠯᠠᠭᠤᠯᠬᠤ ᠲᠤᠬᠠᠶ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠠᠯᠪᠤᠷᠢ ᠪᠠᠶᠢᠭᠤᠯᠤᠮᠵᠢ ᠶᠢᠨ ᠪᠠᠶᠢᠭ᠎ᠠ ᠭᠠᠵᠠᠷ ᠤᠨ ᠳᠠᠩᠰᠠᠯᠠᠬᠤ ᠪᠠᠶᠢᠭᠤᠯᠭ᠎ᠠ ᠳᠤ ᠭᠤᠶᠤᠴᠢᠯᠠᠨ ᠳᠠᠩᠰᠠᠯᠠᠭᠤᠯᠵᠤ ᠪᠣᠯᠤᠨ᠎ᠠ᠃ ᠲᠠᠷᠢᠶᠠᠴᠢᠨ ᠤ ᠲᠤᠰᠬᠠᠶ ᠬᠤᠷᠰᠢᠶᠠᠵᠢᠯ ᠤᠨ ᠰᠠᠯᠪᠤᠷᠢ ᠪᠠᠶᠢᠭᠤᠯᠤᠮᠵᠢ ᠨᠢ ᠬᠠᠤᠯᠢ ᠶᠢᠨ ᠡᠷᠬᠡᠲᠡᠨ ᠤ ᠬᠢᠷᠢ ᠬᠡᠮ ᠪᠠᠶᠢᠬᠤ ᠦᠭᠡᠢ ᠁ ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 20 — 22 ᠳ᠋ᠤᠭᠠᠷ ᠴᠣᠩᠬᠤ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ ᠨᠡᠶᠢᠲᠡᠯᠡᠪᠡ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw.nmg.gov.cn/handle_affairs_detail?item_detail_id=ff80808175b4cbb30175b4ffa4ec137b®ionCode=150421000000&highlight=personal&record=istrue
 
ᠢᠷᠡᠯᠲᠡ᠄ ᠠᠷᠤ ᠬᠣᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号