ᠬᠤᠳᠠᠯᠳᠤᠭ᠎ᠠ ᠠᠵᠤ ᠠᠬᠤᠶᠢᠯᠠᠯ ᠤᠨ ᠬᠠᠶᠢᠷ᠎ᠠ ᠬᠠᠯᠠᠮᠵᠢ ᠬᠦᠷᠳᠡᠭᠡᠬᠦ ᠬᠤᠯᠪᠣᠭ᠎ᠠ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2021/11/24
       11 ᠰᠠᠷ᠎ᠠ ᠶᠢᠨ 23 ᠤ ᠡᠳᠦᠷ᠂ ᠤᠤ ᠮᠥᠷᠡᠨ ᠵᠡᠭᠡᠯᠢ ᠭᠤᠳᠤᠮᠵᠢ ᠶᠢᠨ ᠬᠤᠳᠠᠯᠳᠤᠭ᠎ᠠ ᠠᠵᠤ ᠠᠬᠤᠶᠢᠯᠠᠯ ᠤᠨ ᠬᠠᠶᠢᠷ᠎ᠠ ᠬᠠᠯᠠᠮᠵᠢ ᠬᠦᠷᠳᠡᠭᠡᠬᠦ ᠬᠤᠯᠪᠣᠭ᠎ᠠ ᠪᠠᠶᠢᠭᠤᠯᠤᠭᠳᠠᠵᠤ᠂ ᠬᠤᠰᠢᠭᠤᠨ ᠳᠡᠳ᠋ ᠳᠠᠷᠤᠭ᠎ᠠ ᠯᠢᠦ ᡁᠢ ᠾᠦᠢ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠭᠤᠣᠯ ᠬᠠᠷᠢᠭᠤᠴᠠᠯᠭᠠᠲᠠᠨ᠂ ᠬᠤᠰᠢᠭᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ 101 ᠬᠠᠶᠢᠷ᠎ᠠ ᠬᠠᠯᠠᠮᠵᠢ ᠬᠦᠷᠳᠡᠭᠡᠬᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠣᠯᠤᠨ ᠤᠤ ᠮᠥᠷᠡᠨ ᠵᠡᠭᠡᠯᠢ ᠭᠤᠳᠤᠮᠵᠢ ᠶᠢᠨ ᠪᠦᠬᠦ ᠺᠠᠳ᠋ᠷ ᠠᠵᠢᠯᠳᠠᠨ ᠠᠵᠢᠯᠴᠢᠨ ᠬᠤᠯᠪᠤᠭ᠎ᠠ ᠪᠠᠶᠢᠭᠤᠯᠤᠭᠳᠠᠬᠤ ᠶᠣᠰᠣᠯᠠᠯ ᠳᠤ ᠣᠷᠣᠯᠴᠠᠭᠰᠠᠨ ᠪᠥᠭᠡᠳ ᠬᠤᠯᠪᠣᠭ᠎ᠠ ᠶᠢᠨ ᠫᠠᠶᠢᠰᠠ ᠢᠯᠡᠷᠭᠡᠶᠢᠯᠡᠯ ᠢ ᠰᠡᠬᠦᠪᠡ᠃
       ᠤᠤ ᠮᠦᠷᠡᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠪᠤᠯᠤᠨ ᠬᠡᠷᠡᠭ ᠡᠷᠬᠢᠯᠡᠬᠦ ᠭᠠᠵᠠᠷ ᠣᠶᠢᠷ᠎ᠠ ᠶᠢᠨ ᠬᠡᠳᠦᠨ ᠵᠢᠯ ᠤᠨ ᠬᠠᠶᠢᠷ᠎ᠠ ᠬᠠᠯᠠᠮᠵᠢ ᠬᠦᠷᠳᠡᠭᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠬᠥᠭᠵᠢᠯᠲᠡ ᠶᠢᠨ ᠬᠡᠷᠡᠭᠴᠡᠭᠡ ᠲᠠᠢ ᠤᠶᠠᠯᠳᠤᠭᠤᠯᠤᠨ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠪᠣᠳᠠᠲᠤ ᠬᠡᠷᠡᠭᠴᠡᠭᠡ ᠬᠢᠭᠡᠳ ᠡᠯ᠎ᠡ ᠲᠥᠷᠥᠯ ᠤᠨ ᠠᠵᠤ ᠠᠬᠤᠶᠢᠯᠠᠯ ᠬᠤᠳᠠᠯᠳᠤᠭᠠᠴᠢᠨ ᠡᠷᠦᠬᠡ ᠶᠢᠨ ᠦᠨᠡᠨ ᠪᠣᠳᠠᠲᠠᠶ ᠬᠦᠰᠡᠯ ᠰᠠᠨᠠᠭ᠎ᠠ ᠲᠠᠢ ᠤᠶᠠᠯᠳᠤᠭᠤᠯᠵᠤ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠨ᠂ ᠤᠤ ᠮᠦᠷᠡᠨ ᠵᠡᠭᠡᠯᠢ ᠭᠤᠳᠤᠮᠵᠢ ᠶᠢᠨ ᠬᠤᠳᠠᠯᠳᠤᠭ᠎ᠠ ᠠᠵᠤ ᠠᠬᠤᠶᠢᠯᠠᠯ ᠤᠨ ᠬᠠᠶᠢᠷ᠎ᠠ ᠬᠠᠯᠠᠮᠵᠢ ᠬᠦᠷᠳᠡᠭᠡᠬᠦ ᠬᠤᠯᠪᠣᠭ᠎ᠠ ᠶᠢ ᠲᠦᠷᠦᠭᠦᠯᠡᠨ ᠪᠠᠶᠢᠭᠤᠯᠵᠤ᠂ ᠨᠡᠶᠢᠭᠡᠮ ᠤᠨ ᠨᠢᠭᠦᠯᠡᠰᠦᠩᠭᠦᠶ ᠶᠢᠨ ᠡᠬᠢ ᠪᠠᠶᠠᠯᠢᠭ ᠬᠢᠭᠡᠳ ᠨᠡᠶᠢᠭᠡᠮ ᠲᠣᠭᠤᠷᠢᠭ ᠤᠨ ᠬᠡᠷᠡᠭᠴᠡᠭᠡ ᠶᠢ ᠨᠠᠷᠢᠯᠢᠭ ᠣᠨᠣᠴᠠᠲᠠᠶ ᠪᠠᠷ ᠵᠣᠯᠭᠠᠭᠤᠯᠬᠤ ᠲᠠᠪᠴᠠᠩ ᠢ ᠵᠢᠩᠬᠢᠨᠢ ᠪᠠᠷ ᠪᠠᠶᠢᠭᠤᠯᠵᠤ᠂ ᠡᠯ᠎ᠡ ᠲᠥᠷᠥᠯ ᠤᠨ ᠬᠤᠳᠠᠯᠳᠤᠭ᠎ᠠ ᠠᠵᠤ ᠠᠬᠤᠶᠢᠯᠠᠯ ᠤᠨ ᠬᠠᠶᠢᠷ᠎ᠠ ᠬᠠᠯᠠᠮᠵᠢ ᠶᠢᠨ ᠬᠦᠴᠦᠨ ᠤ ᠪᠦᠲᠦᠮᠵᠢᠲᠡᠶ ᠴᠤᠭᠯᠠᠷᠠᠯ ᠢ ᠠᠩᠬ᠎ᠠ ᠠᠯᠬᠤᠮ ᠳᠥᠯᠭᠢᠨ ᠠᠬᠢᠭᠤᠯᠪᠠ᠃ ᠤᠳᠤ ᠪᠤᠯᠬᠤ ᠳᠤ ᠤᠤ ᠮᠦᠷᠡᠨ ᠵᠡᠭᠡᠯᠢ ᠭᠤᠳᠤᠮᠵᠢ ᠶᠢᠨ ᠬᠤᠳᠠᠯᠳᠤᠭ᠎ᠠ ᠠᠵᠤ ᠠᠬᠤᠶᠢᠯᠠᠯ ᠤᠨ ᠬᠠᠶᠢᠷ᠎ᠠ ᠬᠠᠯᠠᠮᠵᠢ ᠬᠦᠷᠳᠡᠭᠡᠬᠦ ᠬᠤᠯᠪᠣᠭ᠎ᠠ ᠨᠢ ᠨᠢᠭᠡᠨᠳᠠ 101  ᠬᠤᠳᠠᠯᠳᠤᠭᠠᠴᠢᠨ ᠡᠷᠦᠭᠡ ᠠᠵᠤ ᠠᠬᠤᠶᠢᠯᠠᠯ ᠲᠠᠢ ᠪᠤᠯᠵᠠᠢ᠃
       ᠬᠤᠳᠠᠯᠳᠤᠭ᠎ᠠ ᠠᠵᠤ ᠠᠬᠤᠶᠢᠯᠠᠯ ᠤᠨ ᠬᠠᠶᠢᠷ᠎ᠠ ᠬᠠᠯᠠᠮᠵᠢ ᠬᠦᠷᠳᠡᠭᠡᠬᠦ ᠬᠤᠯᠪᠣᠭ᠎ᠠ ᠨᠢ ᠨᠠᠰᠤᠲᠠᠶᠢᠴᠤᠳ ᠢ ᠲᠤᠰᠠᠯᠠᠬᠤ᠂ ᠵᠡᠮᠳᠡᠭᠴᠦᠳ ᠢ ᠲᠤᠰᠠᠯᠠᠬᠤ᠂ ᠰᠤᠷᠤᠯᠭ᠎ᠠ ᠶᠢ ᠲᠡᠳᠬᠦᠬᠦ᠂ ᠬᠦᠴᠢᠷᠳᠡᠯ ᠢ ᠲᠡᠳᠬᠦᠬᠦ᠂ ᠬᠦᠴᠢᠷ ᠠᠴᠠ ᠠᠪᠤᠷᠠᠬᠤ ᠪᠠᠷ ᠭᠤᠣᠯ ᠦᠢᠯᠡᠴᠢᠯᠡᠭᠡᠨ ᠤ ᠠᠭᠤᠯᠭ᠎ᠠ ᠪᠣᠯᠭᠠᠵᠤ᠂ ᠵᠡᠭᠡᠯᠢ ᠭᠤᠳᠤᠮᠵᠢ ᠶᠢᠨ ᠬᠠᠷᠢᠶ᠎ᠠ ᠣᠷᠣᠨ ᠳᠤ ᠡᠯ᠎ᠡ ᠲᠦᠷᠦᠯ ᠤᠨ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠪᠣᠯᠤᠨ᠎ᠠ᠃ ᠬᠤᠯᠪᠣᠭᠠᠨ ᠤ ᠬᠥᠭᠵᠢᠯᠲᠡ ᠶᠢᠨ ᠵᠥᠪ ᠴᠢᠭᠯᠡᠯ ᠢ ᠦᠨᠡᠨ ᠬᠦ ᠪᠠᠲᠤᠯᠠᠬᠤ ᠶᠢᠨ ᠲᠥᠯᠥᠭᠡ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠠᠴᠠ ᠬᠤᠯᠪᠣᠭᠠᠨ ᠤ ᠨᠠᠮ ᠤᠨ ᠡᠭᠦᠷ ᠪᠠᠶᠢᠭᠤᠯᠬᠤ ᠶᠢ ᠴᠤᠬᠤᠯᠠᠪᠤᠷᠢᠯᠠᠨ ᠵᠥᠪᠰᠢᠶᠡᠷᠡᠵᠦ᠂ ᠬᠤᠯᠪᠣᠭᠠᠨ ᠤ ᠡᠯ᠎ᠡ ᠲᠦᠷᠦᠯ ᠤᠨ ᠠᠵᠢᠯᠯᠠᠭ᠎ᠠ ᠨᠢ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠡᠳᠦᠯᠲᠡᠶ ᠤᠳᠤᠷᠢᠳᠤᠯᠭ᠎ᠠ ᠳᠣᠣᠷ᠎ᠠ᠂ ᠰᠠᠶᠢᠨ ᠳᠤᠷ᠎ᠠ ᠶᠢᠨ᠂ ᠢᠯᠡ᠂ ᠨᠡᠶᠢᠲᠡ ᠶᠢᠨ ᠠᠰᠠᠷᠠᠮᠵᠢ ᠶᠢᠨ ᠵᠠᠷᠴᠢᠮ ᠶᠣᠰᠣᠭᠠᠷ ᠶᠠᠪᠤᠭᠳᠠᠨ᠎ᠠ᠃        ᠲᠣᠰ ᠤᠳᠠᠭ᠎ᠠ ᠤᠤ ᠮᠥᠷᠡᠨ ᠵᠡᠭᠡᠯᠢ ᠭᠤᠳᠤᠮᠵᠢ ᠶᠢᠨ ᠬᠤᠳᠠᠯᠳᠤᠭ᠎ᠠ ᠠᠵᠤ ᠠᠬᠤᠶᠢᠯᠠᠯ ᠤᠨ ᠬᠠᠶᠢᠷ᠎ᠠ ᠬᠠᠯᠠᠮᠵᠢ ᠬᠦᠷᠳᠡᠭᠡᠬᠦ ᠬᠤᠯᠪᠣᠭ᠎ᠠ ᠶᠢᠨ 101 ᠬᠠᠶᠢᠷ᠎ᠠ ᠬᠠᠯᠠᠮᠵᠢ ᠬᠦᠷᠭᠡᠬᠦ ᠬᠤᠳᠠᠯᠳᠤᠭᠠᠴᠢᠨ ᠡᠷᠦᠭᠡ ᠠᠵᠤ ᠠᠬᠤᠶᠢᠯᠠᠯ ᠨᠡᠶᠢᠲᠡ 76 ᠵᠦᠢᠯ ᠤᠨ ᠦᠢᠯᠡᠴᠢᠯᠡᠭᠡᠨ ᠤ ᠬᠡᠷᠡᠭᠴᠡᠭᠡ ᠶᠢ ᠭᠥᠯᠢᠶᠡᠨ ᠠᠪᠤᠪᠠ᠃ ︵ᠬᠤ᠋ ᠵᠢᠩ ᠶᠤᠸᠠᠨ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号