| | | 11 ᠰᠠᠷ᠎ᠠ ᠶᠢᠨ 22 ᠤ ᠡᠳᠦᠷ᠂ ᠪᠠᠯᠴᠢᠷᠣᠳ ᠰᠤᠮᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ᠂ ᠬᠠᠮᠵᠢᠨ ᠪᠠᠶᠢᠴᠠᠭᠠᠬᠤ᠂ ᠤᠰᠠᠳᠬᠠᠨ ᠠᠷᠢᠭᠤᠳᠬᠠᠬᠤ᠂ | ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠠᠵᠢᠯᠲᠠᠨ ᠤ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠵᠤ᠂ | ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠠᠵᠢᠯᠲᠠᠨ᠂ ᠡᠯ᠎ᠡ ᠭᠠᠴᠠᠭ᠎ᠠ ᠲᠣᠰᠬᠤᠨ ᠤ ᠱᠦᠵᠢ᠂ ᠨᠢᠭᠡᠳᠦᠭᠡᠷ ᠱᠦᠵᠢ᠂ | ᠭᠠᠴᠠᠭ᠎ᠠ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠭᠡᠰᠢᠭᠦᠨ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠬᠠᠮᠢᠶ᠎ᠠ ᠪᠥᠬᠦᠶ ᠠᠵᠢᠯᠲᠠᠨ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ ᠤᠯᠤᠰ ᠤᠨ ᠳᠣᠲᠣᠭᠠᠳᠤ ᠭᠠᠳᠠᠭᠠᠳᠤ ᠶᠢᠨ ᠬᠢᠵᠢᠭ ᠤᠨ ᠪᠠᠶᠢᠳᠠᠯ ᠤᠨ ᠬᠠᠮᠤᠭ ᠤᠨ ᠰᠢᠨ᠎ᠡ | ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠪᠠᠯᠴᠢᠷᠣᠳ ᠡᠷᠡᠭᠦᠯ ᠬᠠᠮᠠᠭᠠᠯᠠᠯ ᠤᠨ ᠬᠤᠷᠢᠶᠠᠨ ᠤ ᠠᠵᠢᠯᠲᠠᠳ ᠲᠠᠬᠤᠯ | ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠵᠣᠷᠢᠯᠭ᠎ᠠ᠂ ᠱᠠᠭᠠᠷᠳᠠᠯᠭ᠎ᠠ᠂ ᠠᠭᠤᠯᠭ᠎ᠠ᠂ ᠠᠷᠭ᠎ᠠ ᠵᠢᠴᠢ | ᠭᠤᠣᠯᠳᠠᠯᠭ᠎ᠠ᠂ ᠠᠷᠢᠭᠤᠳᠬᠠᠬᠤ ᠵᠠᠷᠴᠢᠮ᠂ ᠬᠡᠪᠴᠢᠶ᠎ᠡ᠂ ᠠᠷᠢᠭᠤᠳᠬᠠᠬᠤ ᠡᠲᠡᠭᠡᠳ ᠵᠢᠴᠢ ᠠᠷᠢᠭᠤᠳᠬᠠᠬᠤ ᠡᠮ ᠤᠨ | ᠰᠣᠩᠭᠤᠯᠲᠠ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠱᠠᠭᠠᠷᠳᠠᠯᠭ᠎ᠠ ᠵᠡᠷᠭᠡ ᠲᠠᠯ᠎ᠠ ᠪᠠᠷ ᠨᠠᠷᠢᠨ | ᠲᠠᠶᠢᠯᠪᠤᠷᠢᠯᠠᠯᠲᠠ ᠬᠢᠭᠰᠡᠳ ᠪᠦᠭᠡᠳ ᠤᠰᠠᠳᠬᠠᠨ ᠠᠷᠢᠭᠤᠳᠬᠠᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ | ᠬᠢᠭᠰᠡᠨ ᠪᠠᠶᠢᠨ᠎ᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ ᠬᠦᠨᠳᠦ | ᠨᠣᠴᠢᠲᠠᠶ ᠴᠢᠨᠠᠷ ᠢ ᠭᠦᠢᠴᠡᠳ ᠲᠠᠨᠢᠵᠤ᠂ ᠣᠪᠣᠷ ᠢᠶᠠᠨ ᠲᠥᠪ ᠪᠣᠯᠭᠠᠨ᠂ ᠬᠢᠵᠢᠭ ᠢ ᠰᠡᠷᠭᠡᠶᠢᠯᠡᠬᠦ ᠠᠵᠢᠯ ᠤᠨ | ᠶᠠᠪᠤᠴᠠ ᠶᠢ ᠴᠢᠩᠭ᠎ᠠ ᠵᠢᠷᠤᠮᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠮᠬᠢ | ᠵᠢᠷᠤᠮ ᠲᠠᠢ ᠪᠥᠭᠡᠳ ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃ ︵ᠭᠤᠤ ᠶᠤᠸᠠᠢ︶ | | |