ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠨᠢᠰᠦᠭᠡ ᠤᠲᠠᠰᠤ ᠶᠢᠨ ᠵᠠᠰᠠᠯᠲᠠ ᠪᠣᠯ ᠮᠠᠨ ᠤ | ᠬᠤᠰᠢᠭᠤᠨ ᠤ ᠪᠥᠬᠦ ᠤᠯᠤᠰ ᠤᠨ ᠪᠣᠯᠪᠠᠰᠤᠨ ᠬᠤᠲᠠ ᠶᠢ ᠴᠣᠭᠴᠠᠯᠠᠨ ᠪᠠᠶᠢᠭᠤᠯᠬᠤ ᠶᠢᠨ ᠴᠢᠬᠤᠯᠠ ᠠᠭᠤᠯᠭ᠎ᠠ ᠶᠢᠨ | ᠨᠢᠭᠡ ᠪᠠᠶᠢᠵᠤ᠂ ᠬᠤᠲᠠ ᠶᠢᠨ ᠳᠦᠷᠢ ᠲᠥᠷᠬᠦ ᠪᠠ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠤᠭᠳᠠᠵᠤ | ᠪᠣᠢ᠃ ᠿᠦ ᠢ ᠰᠠᠭᠤᠭᠠᠯᠢ᠂ ᠵᠦᠩ ᠰᠢᠨ ᠰᠠᠭᠤᠭᠠᠯᠢ ᠲᠤᠭᠤᠷᠢᠭ ᠵᠡᠷᠭᠡ ᠬᠠᠭᠤᠴᠢᠨ ᠰᠠᠭᠤᠭᠠᠯᠢ ᠠᠷᠠᠳ ᠤᠨ | ᠲᠣᠭᠤᠷᠢᠭ ᠲᠤ ᠬᠦᠷᠬᠦ ᠳᠤ᠂ ᠤᠤᠯ ᠤᠨ ᠵᠠᠮ ᠱᠤᠭᠤᠮ ᠨᠢ ᠵᠢᠭᠳᠡ ᠪᠤᠰᠤ᠂ ᠡᠯᠭᠦᠭᠡ ᠤᠲᠠᠰᠤ ᠨᠢ ᠡᠷᠦᠶ ᠬᠤᠷᠤᠶ | ᠥᠬᠡᠶ ᠪᠠᠶᠢᠬᠤ ᠵᠡᠷᠭᠡ ᠦᠵᠡᠭᠳᠡᠯ ᠨᠢᠭᠡᠨᠲᠡ ᠬᠠᠷᠠᠭᠳᠠᠬᠤ ᠥᠬᠡᠶ ᠪᠣᠯᠵᠣ᠂ ᠣᠷᠴᠢᠨ ᠲᠣᠭᠤᠷᠢᠨ ᠨᠢ ᠴᠡᠪᠡᠷ ᠴᠡᠮᠴᠡᠭᠡᠷ | ᠪᠣᠯᠵᠠᠶ᠃ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠬᠢᠴᠢᠯᠯᠠᠲᠠ ᠪᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠣᠪᠴᠢᠶ᠎ᠠ ᠨᠢ ᠬᠠᠭᠤᠴᠢᠨ ᠰᠠᠭᠤᠭᠠᠯᠢ ᠲᠣᠭᠤᠷᠢᠭ ᠤᠨ ᠴᠢᠮᠡᠭᠡ ᠬᠤᠯᠪᠣᠭᠠᠨ ᠤ ᠰᠦᠯᠵᠢᠶ᠎ᠡ ᠶᠢ | ᠵᠠᠰᠠᠬᠤ ᠬᠠᠷᠢᠭᠤᠴᠠᠯᠭ᠎ᠠ ᠶᠢᠨ ᠨᠢᠭᠡᠴᠢ ᠶᠢᠨ ᠨᠢᠭᠡ ᠪᠣᠯᠤᠭᠰᠠᠨ ᠤ ᠬᠤᠪᠢ ᠳᠤ᠂ ᠨᠢᠰᠦᠭᠡ ᠤᠲᠠᠰᠤ ᠶᠢᠨ | ᠵᠠᠰᠠᠯᠲᠠ ᠶᠢᠨ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠪᠠ ︽ᠠᠷᠤ ᠬᠤᠷᠴᠢᠨ ᠬᠤᠰᠢᠭᠤᠨ ᠤ ᠪᠥᠬᠦ | ᠤᠯᠤᠰ ᠤᠨ ᠪᠣᠯᠪᠠᠰᠤᠨ ᠬᠤᠲᠠ ᠶᠢ ᠴᠣᠭᠴᠠᠯᠠᠨ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ︾ ︽ᠠᠷᠤ | ᠬᠤᠷᠴᠢᠨ ᠬᠤᠰᠢᠭᠤᠨ ᠤ ᠬᠠᠭᠤᠴᠢᠨ ᠰᠠᠭᠤᠭᠠᠯᠢ ᠲᠣᠭᠤᠷᠢᠭ ᠤᠨ ᠨᠢᠰᠦᠭᠡ ᠤᠲᠠᠰᠤ ᠶᠢᠨ ᠵᠠᠰᠠᠯᠲᠠ ᠶᠢᠨ | ᠠᠵᠢᠯ ᠤᠨ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠪᠡᠷᠬᠡ ᠶᠢ ᠳᠠᠪᠠᠨ᠂ ᠨᠢᠰᠦᠭᠡ ᠤᠲᠠᠰᠤ ᠶᠢᠨ ᠵᠠᠰᠠᠯᠲᠠ ᠶᠢᠨ | ᠠᠵᠢᠯ ᠢ ᠬᠦᠴᠦᠲᠡᠶ ᠳᠥᠯᠭᠢᠨ ᠠᠬᠢᠭᠤᠯᠵᠤ᠂ ᠱᠠᠲᠤᠴᠢ ᠴᠢᠨᠠᠷᠲᠠᠶ ᠦᠷ᠎ᠡ ᠪᠦᠲᠦᠮᠵᠢ ᠤᠯᠪᠠ᠃ | ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠬᠢᠴᠢᠯᠯᠠᠲᠠ | ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠳᠠᠷᠤᠭ᠎ᠠ ᠲᠢᠶᠠᠨ ᠴᠦᠨ ᠢ ᠤᠷᠢᠵᠤ ᠲᠤᠰᠬᠠᠶ | ᠰᠤᠷᠪᠤᠯᠵᠢᠯᠠᠭ᠎ᠠ ᠬᠢᠪᠡ᠃ | ᠰᠣᠷᠪᠣᠯᠵᠢᠯᠠᠭᠴᠢ᠄ ᠲᠢᠶᠠᠨ ᠲᠣᠪᠴᠢᠶᠠᠨ ᠳᠠᠷᠤᠭ᠎ᠠ᠂ ᠰᠠᠶᠢᠨ ᠦᠦ︖ ︽ᠠᠷᠤ ᠬᠤᠷᠴᠢᠨ ᠬᠤᠰᠢᠭᠤᠨ ᠤ | ᠪᠥᠬᠦ ᠤᠯᠤᠰ ᠤᠨ ᠪᠣᠯᠪᠠᠰᠤᠨ ᠬᠤᠲᠠ ᠶᠢ ᠴᠣᠭᠴᠠᠯᠠᠨ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ︾ ᠳᠤ᠂ | ᠰᠠᠭᠤᠭᠠᠯᠢ ᠲᠣᠭᠤᠷᠢᠭ ᠤᠨ ᠳᠦᠷᠰᠦ ᠪᠠᠶᠢᠳᠠᠯ ᠢ ᠰᠠᠶᠢᠵᠢᠷᠠᠭᠤᠯᠵᠤ᠂ ᠬᠠᠮᠢᠶᠠᠷᠤᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠂ ᠬᠠᠭᠤᠴᠢᠨ ᠰᠠᠭᠤᠭᠠᠯᠢ ᠲᠣᠭᠤᠷᠢᠭ ᠤᠨ ᠳᠣᠲᠣᠷᠠᠬᠢ ᠡᠯ᠎ᠡ ᠰᠠᠭᠤᠷᠢ ᠴᠠᠬᠢᠯᠭᠠᠨ ᠬᠤᠯᠪᠣᠭᠠᠨ ᠤ | ᠠᠵᠤ ᠠᠬᠤᠶᠢᠯᠠᠯ ᠤᠨ ᠢᠯᠡ ᠪᠠᠶᠢᠭ᠎ᠠ ᠰᠦᠯᠵᠢᠶᠡᠨ ᠤ ᠨᠢᠰᠦᠭᠡ ᠤᠲᠠᠰᠤ ᠶᠢ ᠪᠥᠬᠦ ᠲᠠᠯ᠎ᠠ ᠪᠠᠷ ᠵᠠᠰᠠᠯᠲᠠ ᠬᠢᠨ᠎ᠡ | ᠭᠡᠵᠦ ᠪᠣᠢ᠂ ᠲᠠ ᠬᠠᠭᠤᠴᠢᠨ ᠰᠠᠭᠤᠭᠠᠯᠢ ᠲᠣᠭᠤᠷᠢᠭ ᠤᠨ ᠨᠢᠰᠦᠭᠡ ᠤᠲᠠᠰᠤ ᠶᠢ ᠵᠠᠰᠠᠬᠤ ᠬᠡᠪᠴᠢᠶ᠎ᠡ ᠪᠠ ᠵᠠᠰᠠᠬᠤ | ᠪᠠᠷᠢᠮᠵᠢᠶ᠎ᠠ ᠶᠢ ᠲᠠᠨᠢᠯᠴᠠᠭᠤᠯᠤᠭᠠᠳ ᠥᠭᠭᠦᠨ᠎ᠡ ᠦᠦ︖ | ᠲᠢᠶᠠᠨ ᠴᠦᠨ᠄ ᠵᠠ᠂ ᠮᠡᠳᠡᠯ᠎ᠡ᠃ ᠨᠢᠰᠦᠭᠡ ᠤᠲᠠᠰᠤ ᠶᠢᠨ ᠵᠠᠰᠠᠯᠲᠠ ᠪᠣᠯ ᠠᠷᠤ ᠬᠤᠷᠴᠢᠨ ᠬᠤᠰᠢᠭᠤᠨ ᠤ | ᠪᠣᠯᠪᠠᠰᠤᠨ ᠬᠤᠲᠠ ᠶᠢ ᠴᠣᠭᠴᠠᠯᠠᠨ ᠪᠠᠶᠢᠭᠤᠯᠬᠤ ᠶᠠᠪᠤᠴᠠ ᠳᠠᠬᠢ ᠭᠤᠣᠯᠳᠠᠯᠭ᠎ᠠ ᠲᠠᠢ ᠬᠦᠴᠢᠷ ᠠᠵᠢᠯ ᠪᠣᠯᠤᠨ᠎ᠠ᠃ | ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠣᠪᠴᠢᠶ᠎ᠠ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠤᠨ ᠲᠤᠰᠬᠠᠭᠰᠠᠨ ᠵᠠᠮ | ᠱᠤᠭᠤᠮ ᠡᠮᠬᠢ ᠵᠠᠮᠪᠠᠷᠠᠭ᠎ᠠ ᠥᠬᠡᠶ ᠵᠡᠷᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠣᠯᠠᠨ ᠤᠳᠠᠭ᠎ᠠ | ᠤᠤ ᠮᠦᠷᠡᠨ ᠵᠡᠭᠡᠯᠢ ᠭᠤᠳᠤᠮᠵᠢ᠂ ᠬᠠᠨ ᠠᠭᠤᠯᠠ ᠵᠡᠭᠡᠯᠢ ᠭᠤᠳᠤᠮᠵᠢ᠂ ᠰᠠᠭᠤᠷᠢ ᠴᠠᠬᠢᠯᠭᠠᠨ ᠬᠤᠯᠪᠣᠭᠠᠨ ᠤ ᠠᠵᠤ | ᠠᠬᠤᠶᠢᠯᠠᠯ ᠲᠠᠢ ᠬᠤᠯᠪᠣᠭᠠᠯᠠᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠲᠤ ᠪᠣᠳᠠᠲᠠᠶ ᠭᠠᠵᠠᠷ ᠤᠨ ᠬᠠᠶᠢᠨ | ᠪᠠᠶᠢᠴᠠᠭᠠᠯᠲᠠ ᠬᠢᠵᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠰᠦᠯᠵᠢᠶ᠎ᠡ ᠶᠢᠨ ᠪᠦᠷᠬᠦᠴᠡ ᠶᠢᠨ | ᠪᠠᠶᠢᠳᠠᠯ ᠲᠠᠢ ᠤᠶᠠᠯᠳᠤᠭᠤᠯᠤᠨ᠂ ᠤᠤ ᠮᠦᠷᠡᠨ ᠵᠡᠭᠡᠯᠢ ᠭᠤᠳᠤᠮᠵᠢ᠂ ᠬᠠᠨ ᠠᠭᠤᠯᠠ ᠵᠡᠭᠡᠯᠢ ᠭᠤᠳᠤᠮᠵᠢ ᠶᠢᠨ 135 | ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠲᠤ ᠭᠤᠤᠯᠳᠠᠯᠭ᠎ᠠ ᠲᠠᠢ ᠬᠠᠨᠳᠤᠭᠤᠯᠤᠨ ᠨᠢᠰᠦᠭᠡ ᠤᠲᠠᠰᠤ ᠶᠢᠨ | ᠵᠠᠰᠠᠯᠲᠠ ᠶᠢᠨ ᠠᠵᠢᠯ ᠢ ᠥᠷᠨᠢᠭᠦᠯᠪᠡ᠃ ᠬᠠᠭᠤᠴᠢᠨ ᠰᠠᠭᠤᠭᠠᠯᠢ ᠲᠣᠭᠤᠷᠢᠭ ᠤᠨ ᠡᠮᠬᠢ ᠵᠠᠮᠪᠠᠷᠠᠭ᠎ᠠ ᠦᠭᠡᠶ ᠵᠠᠮ | ᠱᠤᠭᠤᠮ ᠢ ᠡᠮᠬᠢ ᠴᠡᠭᠴᠡᠲᠡᠶ ᠪᠣᠯᠭᠠᠬᠤ ᠶᠢᠨ ᠲᠥᠯᠥᠭᠡ᠂ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠨᠢ | ᠠᠮᠤᠷ ᠲᠦᠪᠰᠢᠨ᠂ ᠵᠢᠷᠤᠮᠵᠢᠭᠤᠨ᠂ ᠵᠢᠭᠳᠡ ᠲᠡᠭᠰᠢ ᠪᠠᠶᠢᠬᠤ ᠪᠠᠷ ᠤᠷᠢᠲᠠᠯ ᠪᠣᠯᠭᠠᠵᠤ᠂ ᠬᠠᠭᠤᠴᠢᠨ ᠰᠠᠭᠤᠭᠠᠯᠢ | ᠲᠣᠭᠤᠷᠢᠭ ᠤᠨ ᠳᠣᠲᠣᠷᠠᠬᠢ ᠴᠢᠮᠡᠭᠡ ᠬᠤᠯᠪᠣᠭᠠᠨ ᠤ ᠲᠣᠣᠷ ᠰᠦᠯᠵᠢᠶ᠎ᠡ᠂ ᠤᠲᠠᠰᠤᠲᠤ ᠲᠧᠯᠸᠢᠰ ᠵᠡᠷᠭᠡ ᠠᠭᠠᠷ ᠲᠤ | ᠲᠠᠲᠠᠭᠰᠠᠨ ᠤᠲᠠᠰᠤ ᠳᠡᠭᠡᠰᠦ᠂ ᠪᠠᠷᠢᠯᠭ᠎ᠠ ᠶᠢᠨ ᠳᠡᠭᠡᠷᠡᠬᠢ ᠡᠷᠦᠶ ᠬᠤᠷᠤᠶ ᠥᠬᠡᠶ᠂ ᠤᠨᠵᠢᠢᠵᠤ ᠤᠨᠠᠭᠰᠠᠨ᠂ | ᠬᠠᠶᠠᠭᠳᠠᠭᠰᠠᠨ ᠨᠢᠰᠦᠭᠡ ᠤᠲᠠᠰᠤ᠂ ᠡᠪᠳᠡᠷᠡᠵᠦ ᠴᠤᠴᠠᠷᠠᠭᠰᠠᠨ᠂ ᠦᠵᠡᠬᠦ ᠳᠤ ᠬᠠᠷᠰᠢ ᠪᠣᠯᠬᠤ ᠭᠡᠷᠡᠯᠯᠢᠭ | ᠳᠡᠭᠡᠰᠦᠨ ᠤ ᠵᠠᠯᠭᠠᠭᠤᠷ ᠬᠠᠶᠢᠷᠴᠠᠭ ᠢ ᠨᠠᠭᠠᠯᠳᠤᠭᠤᠯᠤᠨ ᠵᠠᠰᠠᠵᠤ᠂ ᠬᠠᠶᠠᠭᠳᠠᠮᠠᠯ ᠤᠲᠠᠰᠤ ᠶᠢ ᠴᠡᠪᠡᠷᠯᠡᠨ ᠠᠷᠢᠯᠭᠠᠬᠤ᠂ | ᠵᠠᠳᠠᠭᠠᠶ ᠤᠲᠠᠰᠤ ᠶᠢ ᠨᠡᠶᠢᠯᠡᠭᠦᠯᠬᠦ᠂ ᠰᠠᠷᠠᠪᠴᠢ ᠶᠢᠨ ᠳᠣᠤᠷ᠎ᠠ ᠶᠠᠪᠤᠬᠤ ᠤᠲᠠᠰᠤ᠂ ᠬᠡᠷᠡᠮ ᠨᠠᠭᠠᠯᠳᠤᠭᠤᠯᠤᠨ | ᠪᠣᠭᠤᠬᠤ᠂ ᠭᠡᠷᠡᠯᠯᠢᠭ ᠳᠡᠭᠡᠰᠦ ᠶᠢ ᠳᠠᠭᠢᠵᠤ ᠲᠠᠯᠪᠢᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠴᠢᠮᠡᠭᠡ | ᠬᠤᠯᠪᠣᠭ᠎ᠠ ᠶᠢᠨ ᠲᠣᠤᠷ ᠰᠦᠯᠵᠢᠶ᠎ᠡ᠂ ᠷᠠᠳᠢᠣ᠋ ᠲᠧᠯᠸᠢᠰ ᠤᠨ ᠤᠲᠠᠰᠤ ᠳᠡᠭᠡᠰᠦ ᠶᠢ ᠳᠡᠷᠢ ᠲᠡᠭᠰᠢ ᠪᠠᠶᠢᠯᠭᠠᠬᠤ᠂ | ᠵᠢᠭᠳᠡ ᠪᠣᠭᠤᠬᠤ᠂ ᠪᠠᠲᠤ ᠪᠠᠬᠢ ᠠᠮᠤᠷ ᠲᠦᠪᠰᠢᠨ᠂ ᠦᠵᠡᠮᠦᠷᠢᠲᠡᠢ ᠵᠤᠬᠢᠴᠠᠩᠭᠤᠢ ᠪᠠᠶᠢᠯᠭᠠᠬᠤ ᠪᠠᠷᠢᠮᠵᠢᠶ᠎ᠠ ᠳᠤ | ᠬᠦᠷᠦᠭᠦᠯᠦᠨ᠎ᠡ ᠭᠡᠵᠦ ᠲᠣᠳᠣᠷᠬᠠᠶ ᠲᠣᠭᠲᠠᠭᠠᠵᠠᠶ᠃ | ᠰᠣᠷᠪᠤᠯᠵᠢᠯᠠᠭᠴᠢ᠄ ᠨᠢᠰᠦᠭᠡ ᠤᠲᠠᠰᠤ ᠶᠢᠨ ᠵᠠᠰᠠᠯᠲᠠ ᠶᠢᠨ ᠬᠡᠪᠴᠢᠶ᠎ᠡ ᠪᠠ ᠵᠠᠰᠠᠯᠲᠠ ᠶᠢᠨ ᠪᠠᠷᠢᠮᠵᠢᠶ᠎ᠠ ᠶᠢ | ᠲᠤᠭᠲᠠᠭᠠᠪᠠ᠂ ᠪᠢᠳᠡ ᠨᠢᠰᠦᠭᠡ ᠤᠲᠠᠰᠤ ᠶᠢᠨ ᠵᠠᠰᠠᠯᠲᠠ ᠶᠢᠨ ᠠᠵᠢᠯ ᠤᠨ ᠳᠤᠮᠳᠠ ᠶᠠᠮᠠᠷ ᠶᠠᠮᠠᠷ ᠲᠤᠷᠰᠢᠯᠭ᠎ᠠ ᠪᠠ | ᠠᠷᠭ᠎ᠠ ᠬᠡᠮᠵᠢᠶ᠎ᠡ ᠠᠪᠤᠭᠰᠠᠨ ᠪᠣᠶ︖ | ᠲᠢᠶᠠᠨ ᠴᠦᠨ᠄ ᠨᠢᠭᠡ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠠ᠃ | ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠵᠠᠰᠠᠬᠤ ᠳᠤ ᠬᠤᠯᠪᠣᠭᠳᠠᠬᠤ ᠰᠠᠯᠠᠭ᠎ᠠ ᠮᠥᠴᠢᠷ ᠨᠢ ᠣᠯᠠᠨ᠂ | ᠵᠣᠬᠢᠴᠠᠭᠤᠯᠬᠤ ᠳᠤ ᠬᠦᠴᠢᠷ᠂ ᠵᠠᠰᠠᠬᠤ ᠥᠪᠡᠷ ᠤᠨ ᠥᠷᠲᠡᠭ ᠨᠢ ᠥᠨᠳᠥᠷ᠂ ᠬᠤᠰᠢᠭᠤᠨ ᠠᠵᠤ ᠦᠢᠯᠡᠳᠪᠦᠷᠢ | ᠮᠡᠳᠡᠭᠡ ᠵᠠᠩᠬᠢᠴᠢᠯᠯᠠᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠬᠠᠭᠤᠴᠢᠨ ᠰᠠᠭᠤᠭᠠᠯᠢ | ᠲᠣᠭᠤᠷᠢᠭ ᠤᠨ ᠨᠢᠰᠦᠭᠡ ᠤᠲᠠᠰᠤ ᠶᠢᠨ ᠵᠠᠰᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ | ᠤᠷᠢᠳ ᠬᠤᠵᠢᠳ ᠣᠯᠠᠨ ᠤᠳᠠᠭ᠎ᠠ ᠲᠤᠰᠬᠠᠶ ᠰᠡᠳᠦᠪᠲᠦ ᠠᠵᠢᠯ ᠤᠨ ᠬᠤᠷᠠᠯ ᠬᠤᠷᠠᠯᠳᠤᠭᠤᠯᠵᠤ᠂ ᠡᠯ᠎ᠡ ᠲᠠᠯ᠎ᠠ ᠶᠢᠨ | ᠰᠠᠨᠠᠯ ᠰᠠᠨᠠᠭᠤᠯᠭ᠎ᠠ ᠶᠢ ᠰᠣᠨᠣᠰᠴᠤ᠂ ᠬᠤᠰᠢᠭᠤᠨ ᠵᠠᠰᠠᠭ ᠤᠨ ᠣᠷᠳᠣᠨ ᠳᠤ ︽ᠠᠷᠤ ᠬᠤᠷᠴᠢᠨ ᠬᠤᠰᠢᠭᠤᠨ ᠤ | ᠬᠠᠭᠤᠴᠢᠨ ᠰᠠᠭᠤᠭᠠᠯᠢ ᠲᠣᠭᠤᠷᠢᠭ ᠤᠨ ᠨᠢᠰᠦᠭᠡ ᠤᠲᠠᠰᠤ ᠶᠢᠨ ᠵᠠᠰᠠᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ︾ | ︵ᠠᠷᠤ ᠵᠠᠰᠠᠭ ᠠᠯᠪᠠᠨ ᠥᠰᠥᠭ ︹ 2021 ︺ 52 ᠳ᠋ᠤᠭᠠᠷ ᠲᠣᠭᠠᠲᠤ︶ ᠢ ᠲᠣᠭᠲᠠᠭᠠᠯᠭᠠᠬᠤ ᠪᠠᠷ | ᠳᠡᠪᠰᠢᠭᠦᠯᠵᠦ᠂ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠤᠨ ᠨᠢᠰᠦᠭᠡ ᠤᠲᠠᠰᠤ ᠶᠢᠨ ᠵᠠᠰᠠᠯᠲᠠ ᠶᠢᠨ | ᠠᠵᠢᠯ ᠤᠨ ᠡᠭᠦᠷᠭᠡ ᠶᠢᠨ ᠬᠤᠪᠢᠶᠠᠷᠢᠯᠠᠯ ᠢ ᠲᠣᠳᠣᠷᠬᠠᠶ ᠲᠣᠭᠲᠠᠭᠠᠪᠠ᠃ ︽ᠦᠯᠡᠳᠡᠭᠡᠯ ᠬᠡᠮᠵᠢᠶ᠎ᠡ ᠶᠢ ᠠᠷᠢᠯᠭᠠᠵᠤ᠂ | ᠨᠡᠮᠡᠭᠳᠡᠯ ᠤᠨ ᠬᠡᠮᠵᠢᠶ᠎ᠡ ᠶᠢ ᠴᠢᠩᠭ᠎ᠠ ᠴᠠᠭᠠᠵᠠᠯᠠᠬᠤ︾ ᠵᠠᠷᠴᠢᠮ ᠶᠣᠰᠣᠭᠠᠷ᠂ ᠡᠯ᠎ᠡ ᠲᠥᠷᠥᠯ ᠤᠨ ᠴᠢᠮᠡᠭᠡ | ᠬᠤᠯᠪᠣᠭᠠᠨ ᠤ ᠲᠣᠤᠷ ᠰᠦᠯᠵᠢᠶ᠎ᠡ᠂ ᠤᠲᠠᠰᠤᠲᠤ ᠲᠧᠯᠸᠢᠰ ᠤᠨ ᠤᠲᠠᠰᠤ ᠳᠡᠭᠡᠰᠦ ᠶᠢ ᠲᠥᠪᠯᠡᠷᠡᠭᠦᠯᠦᠨ ᠴᠡᠭᠴᠡᠯᠡᠨ | ᠵᠠᠰᠠᠪᠠ᠃ ᠬᠤᠶᠠᠷ ᠲᠤ᠂ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠣᠪᠴᠢᠶ᠎ᠠ ᠡᠳᠦᠷ ᠪᠦᠷᠢ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠤᠨ | ᠨᠢᠰᠦᠭᠡ ᠤᠲᠠᠰᠤ ᠶᠢᠨ ᠵᠠᠰᠠᠯᠲᠠ ᠶᠢᠨ ᠪᠠᠶᠢᠳᠠᠯ ᠳᠤ ᠲᠣᠬᠢᠷᠠᠭᠤᠯᠤᠯᠲᠠ ᠬᠢᠵᠦ᠂ ᠲᠣᠭᠲᠠᠮᠠᠯ ᠬᠤᠭᠤᠴᠠᠭ᠎ᠠ ᠲᠠᠢ ᠪᠠᠷ | ᠮᠡᠳᠡᠭᠡᠯᠡᠨ᠎ᠡ᠃ 9 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ ᠪᠣᠯᠲᠠᠯ᠎ᠠ᠂ ᠬᠤᠰᠢᠭᠤᠨ ᠤ ᠰᠢᠯᠵᠢᠮᠡᠯ | ᠬᠤᠯᠪᠣᠭ᠎ᠠ ᠶᠢᠨ ᠺᠣᠮᠫᠠᠨᠢ᠂ ᠨᠢᠭᠡᠳᠦᠮᠡᠯ ᠬᠤᠯᠪᠣᠭ᠎ᠠ ᠶᠢᠨ ᠺᠣᠮᠫᠠᠨᠢ᠂ ᠴᠠᠬᠢᠯᠭᠠᠨ ᠬᠤᠯᠪᠣᠭ᠎ᠠ ᠶᠢᠨ ᠺᠣᠮᠫᠠᠨᠢ᠂ ᠷᠠᠳᠢᠣ᠋ | ᠲᠧᠯᠸᠢᠰ ᠤᠨ ᠰᠦᠯᠵᠢᠶᠡᠨ ᠤ ᠺᠣᠮᠫᠠᠨᠢ ᠶᠢᠨ 28 ᠬᠠᠭᠤᠴᠢᠨ ᠵᠢᠵᠢᠭ ᠲᠣᠭᠤᠷᠢᠭ ᠤᠨ ᠨᠢᠰᠦᠭᠡ ᠤᠲᠠᠰᠤ ᠶᠢᠨ | ᠵᠠᠰᠠᠯᠲᠠ ᠶᠢᠨ ᠠᠵᠢᠯ ᠢ ᠳᠠᠭᠤᠰᠬᠠᠪᠠ᠃ ᠭᠤᠷᠪᠠ ᠳᠤ ᠰᠢᠯᠭᠠᠨ ᠠᠪᠬᠤ ᠳ᠋ᠤᠭᠠᠷ ᠬᠠᠰᠤᠬᠤ ᠲᠦᠷᠢᠮ ᠢ ᠪᠠᠶᠢᠭᠤᠯᠤᠨ᠎ᠠ | ᠃ ᠬᠤᠰᠢᠭᠤᠨ ᠤ ᠠᠵᠤ ᠦᠶ᠋ᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠨᠢᠭᠡᠨᠲᠡ ᠪᠡᠶᠡᠯᠡᠭᠦᠯᠦᠭᠰᠡᠨ ᠨᠢᠰᠦᠭᠡ | ᠤᠲᠠᠰᠤᠨ ᠤ ᠵᠠᠰᠠᠯᠲᠠ ᠶᠢᠨ ᠰᠠᠭᠤᠭᠠᠯᠢ ᠲᠣᠭᠤᠷᠢᠭ ᠲᠤ ᠬᠢᠨᠠᠨ ᠰᠢᠯᠭᠠᠯᠲᠠ ᠬᠢᠵᠦ᠂ ᠰᠢᠯᠭᠠᠨ ᠠᠪᠬᠤ ᠶᠠᠪᠤᠴᠠ ᠳᠤ | ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠳ᠋ᠤᠭᠠᠷ ᠢ ᠨᠢ ᠬᠠᠰᠤᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ | ᠂ ᠨᠢᠭᠡ ᠭᠠᠵᠠᠷ ᠢ ᠵᠠᠰᠠᠪᠠᠯ ᠨᠢᠭᠡ ᠭᠠᠵᠠᠷ ᠢ ᠨᠢ ᠬᠠᠰᠤᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠦᠷ᠎ᠡ | ᠪᠦᠲᠦᠮᠵᠢ ᠶᠢ ᠪᠠᠲᠤᠯᠠᠵᠤ᠂ ᠰᠠᠭᠤᠭᠠᠯᠢ ᠲᠣᠭᠤᠷᠢᠭ ᠤᠨ ᠰᠠᠭᠤᠭᠠᠯᠢ ᠠᠷᠠᠳ ᠲᠤ ᠨᠠᠩ ᠡᠮᠬᠢ ᠳᠢᠭᠯᠢᠮ ᠲᠠᠢ ᠣᠷᠣᠨ | ᠰᠠᠭᠤᠴᠠ ᠶᠢᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠨ᠎ᠠ᠃ | ᠰᠣᠷᠪᠤᠯᠵᠢᠯᠠᠭᠴᠢ᠄ ᠣᠳᠣᠬᠠᠨ ᠳᠤ᠂ ᠬᠠᠭᠤᠴᠢᠨ ᠰᠠᠭᠤᠭᠠᠯᠢ ᠲᠣᠭᠤᠷᠢᠭ ᠤᠨ ᠨᠢᠰᠦᠭᠡ ᠤᠲᠠᠰᠣᠨ ᠤ | ᠵᠠᠰᠠᠯᠲᠠ ᠶᠢᠨ ᠠᠵᠢᠯ ᠳᠤ ᠶᠠᠮᠠᠷ ᠶᠠᠮᠠᠷ ᠠᠰᠠᠭᠤᠳᠠᠯ ᠪᠠ ᠬᠦᠴᠢᠷᠳᠡᠯ ᠪᠠᠶᠢᠬᠤ ᠪᠣᠶ︖ | ᠲᠢᠶᠠᠨ ᠴᠦᠨ᠄ ᠨᠢᠭᠡ ᠳᠤ ᠮᠡᠳᠡᠭᠡ ᠬᠤᠯᠪᠣᠭᠠᠨ ᠤ ᠭᠡᠷᠡᠯᠯᠢᠭ ᠳᠡᠭᠡᠰᠦ ᠨᠢ ᠡᠯ᠎ᠡ ᠰᠠᠭᠤᠭᠠᠯᠢ ᠲᠣᠭᠤᠷᠢᠭ ᠤᠨ | ᠰᠦᠯᠵᠢᠶ᠎ᠡ ᠪᠠᠷ ᠳᠠᠮᠵᠢᠭᠤᠯᠬᠤ ᠲᠤᠬᠠᠶᠢᠯᠠᠭᠰᠠᠨ ᠠᠵᠢᠯ ᠢ ᠠᠴᠢᠶᠠᠯᠠᠵᠤ᠂ ᠨᠢᠭᠡ ᠪᠦᠯᠦᠭ ᠰᠠᠭᠤᠭᠠᠯᠢ ᠲᠣᠭᠤᠷᠢᠭ ᠤᠨ | ᠮᠡᠳᠡᠭᠡ ᠬᠤᠯᠪᠣᠭᠠᠨ ᠤ ᠭᠡᠷᠡᠯᠯᠢᠭ ᠳᠡᠭᠡᠰᠦ ᠶᠢ ᠤᠳᠠᠭᠠᠨ ᠵᠢᠯ ᠵᠠᠰᠠᠭᠰᠠᠨ ᠥᠬᠡᠶ᠂ ᠤᠷᠢᠳᠴᠢᠯᠠᠨ ᠦᠯᠡᠳᠡᠭᠡᠭᠰᠡᠨ | ᠤᠲᠠᠰᠤ ᠥᠬᠡᠶ ᠪᠣᠯᠬᠤᠷ ᠵᠠᠰᠠᠬᠤ ᠶᠠᠪᠤᠴᠠ ᠳᠤ ᠶᠡᠭᠡ ᠬᠡᠪᠴᠢᠶᠡᠨ ᠤ ᠰᠦᠯᠵᠢᠶ᠎ᠡ ᠶᠢ ᠲᠠᠮᠪᠠᠷᠠᠭᠤᠯᠬᠤ ᠪᠠ | ᠬᠡᠷᠡᠭᠯᠡᠭᠴᠢ ᠶᠢᠨ ᠵᠠᠭᠠᠯᠳᠤᠯᠭ᠎ᠠ ᠶᠢ ᠡᠭᠦᠰᠭᠡᠵᠦ᠂ ᠬᠡᠷᠡᠭᠯᠡᠭᠴᠢ ᠶᠢᠨ ᠬᠡᠷᠡᠭᠯᠡᠬᠦ ᠶᠢ ᠨᠥᠯᠥᠭᠡᠯᠡᠬᠦ ᠪᠣᠯᠤᠨ᠎ᠠ᠃ | ᠬᠤᠶᠠᠷ ᠲᠤ᠂ ᠨᠢᠰᠦᠭᠡ ᠤᠲᠠᠰᠤᠨ ᠤ ᠵᠠᠰᠠᠯᠲᠠ ᠶᠢᠨ ᠠᠵᠢᠯ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠬᠤ | ᠴᠢᠬᠤᠯᠠᠲᠠᠢ᠂ ᠨᠢᠭᠡ ᠪᠦᠯᠦᠭ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠪᠣᠯᠪᠠᠰᠤᠨ ᠬᠤᠳᠠ ᠶᠢ | ᠴᠣᠭᠴᠠᠯᠠᠨ ᠪᠠᠶᠢᠭᠤᠯᠬᠤ ᠨᠢᠰᠦᠭᠡ ᠤᠲᠠᠰᠣᠨ ᠤ ᠵᠠᠰᠠᠯᠲᠠ ᠶᠢᠨ ᠠᠵᠢᠯ ᠳᠤ ᠳᠡᠮᠡᠢ ᠬᠠᠮᠵᠢᠯᠴᠠᠬᠤ ᠦᠭᠡᠢ ᠪᠠᠶᠢᠵᠤ᠂ | ᠨᠢᠭᠡ ᠪᠦᠯᠦᠭ ᠰᠠᠭᠤᠭᠠᠯᠢ ᠠᠷᠠᠳ ᠴᠢᠨᠠᠭᠰᠢᠯᠠᠭᠠᠳ ᠨᠢᠰᠦᠭᠡ ᠤᠲᠠᠰᠤᠨ ᠤ ᠵᠠᠰᠠᠯᠲᠠ ᠶᠢᠨ ᠠᠵᠢᠯᠲᠠᠳ ᠲᠤ ᠴᠢᠩᠭ᠎ᠠ | ᠱᠠᠭᠠᠷᠳᠠᠯᠭ᠎ᠠ ᠳᠤᠷᠠᠳᠴᠤ᠂ ᠪᠠᠷᠢᠯᠭ᠎ᠠ ᠶᠢᠨ ᠠᠵᠢᠯᠲᠠᠳ ᠤᠨ ᠲᠠᠯᠠᠪᠠᠢ ᠳᠤ ᠣᠷᠣᠵᠤ ᠪᠠᠷᠢᠯᠭ᠎ᠠ ᠬᠢᠬᠦ ᠶᠢ ᠲᠡᠪᠴᠢᠬᠦ᠂ | ᠤᠲᠠᠰᠤ ᠪᠠᠷ ᠵᠠᠭᠠᠯᠳᠤᠬᠤ᠂ ᠤᠲᠠᠰᠤ ᠳᠡᠭᠡᠰᠦ ᠪᠠ ᠭᠡᠷᠡᠯ ᠰᠣᠯᠢᠯᠴᠠᠭᠠᠨ ᠤ ᠬᠠᠶᠢᠷᠴᠠᠭ ᠢ ᠪᠠᠬᠢᠯᠡᠬᠦ ᠶᠢ ᠲᠡᠪᠴᠢᠬᠦ | ᠪᠠᠶᠢᠳᠠᠯ ᠪᠠᠶᠢᠨ ᠲᠠᠬᠢᠨ ᠭᠠᠷᠴᠤ᠂ ᠨᠢᠰᠦᠭᠡ ᠤᠲᠠᠰᠤᠨ ᠤ ᠵᠠᠰᠠᠯᠲᠠ ᠶᠢᠨ ᠠᠵᠢᠯ ᠤᠨ ᠠᠬᠢᠴᠠ ᠶᠢ ᠨᠥᠯᠥᠭᠡᠯᠡᠵᠦ | ᠪᠠᠶᠢᠨ᠎ᠠ᠃ ᠭᠤᠷᠪᠠ ᠳᠤ᠂ ᠬᠠᠭᠤᠴᠢᠨ ᠰᠠᠭᠤᠭᠠᠯᠢ ᠲᠣᠭᠤᠷᠢᠭ ᠤᠨ ᠨᠢᠰᠦᠭᠡ ᠤᠲᠠᠰᠤᠨ ᠤ ᠵᠠᠰᠠᠯᠲᠠ ᠶᠢᠨ | ᠠᠵᠢᠯ ᠤᠨ ᠬᠡᠮᠵᠢᠶ᠎ᠡ ᠶᠡᠭᠡ᠂ ᠦᠷᠲᠡᠭ ᠨᠢ ᠥᠨᠳᠥᠷ᠂ ᠪᠠᠷᠢᠯᠭ᠎ᠠ ᠶᠢᠨ ᠦᠶᠡᠯᠡᠯ ᠤᠨ ᠬᠤᠭᠤᠴᠠᠭ᠎ᠠ ᠨᠢ ᠨᠡᠯᠢᠶᠡᠳ | ᠣᠷᠳᠣ ᠪᠠᠶᠢᠵᠤ᠂ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ | ᠲᠣᠭᠲᠠᠴᠠ᠂ ᠨᠢᠰᠦᠭᠡ ᠤᠲᠠᠰᠣᠨ ᠤ ᠵᠠᠰᠠᠯᠲᠠ ᠶᠢᠨ ᠪᠠᠯᠠ ᠮᠥᠩᠭᠦ ᠪᠠ ᠮᠡᠷᠭᠡᠵᠢᠯ ᠤᠨ ᠪᠦᠯᠬᠦᠮ ᠲᠠᠢ | ᠤᠶᠠᠯᠳᠤᠭᠤᠯᠤᠨ᠂ ᠬᠤᠲᠠ ᠶᠢᠨ ᠺᠣᠮᠫᠠᠨᠢ ᠪᠠᠷ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ᠂ ᠣᠷᠣᠨ ᠪᠠᠶᠢᠷᠢ ᠳᠤᠨᠢ | ᠳᠣᠭᠢᠷᠠᠭᠤᠯᠵᠤ᠂ ᠠᠳᠠᠯ ᠠᠬᠤᠶ ᠪᠠ ᠰᠠᠭᠤᠭᠠᠯᠢ ᠠᠷᠠᠳ ᠤᠨ ᠬᠠᠮᠵᠢᠯᠴᠠᠭ᠎ᠠ ᠶᠢ ᠱᠠᠭᠠᠷᠳᠠᠨ᠎ᠠ᠃ | ᠰᠣᠷᠪᠣᠯᠵᠢᠯᠠᠭᠴᠢ᠄ ᠲᠢᠶᠠᠨ ᠲᠣᠪᠴᠢᠶᠠᠨ ᠳᠠᠷᠤᠭ᠎ᠠ ᠲᠠ ᠰᠠᠶ᠋ᠢᠬᠠᠨ ᠨᠢᠰᠦᠭᠡ ᠤᠲᠠᠰᠤᠨ ᠤ ᠵᠠᠰᠠᠯᠲᠠ ᠶᠢᠨ | ᠤᠬᠠᠭᠤᠯᠭ᠎ᠠ ᠶᠢᠨ ᠲᠤᠬᠠᠢ ᠳᠤᠷᠠᠳᠤᠭᠰᠠᠨ᠂ ᠬᠠᠭᠤᠴᠢᠨ ᠰᠠᠭᠤᠭᠠᠯᠢ ᠲᠤᠭᠤᠷᠢᠭ ᠤᠨ ᠨᠢᠰᠦᠭᠡ ᠤᠲᠠᠰᠤᠨ ᠤ | ᠵᠠᠰᠠᠯᠲᠠ ᠶᠢᠨ ᠤᠬᠠᠭᠤᠯᠭ᠎ᠠ ᠶᠢ ᠬᠡᠷᠬᠢᠨ ᠬᠢᠬᠦ᠂ ᠪᠢᠳᠡ ᠨᠢᠰᠦᠭᠡ ᠤᠲᠠᠰᠣᠨ ᠤ ᠵᠠᠰᠠᠯᠲᠠ ᠶᠢᠨ ᠠᠵᠢᠯ ᠳᠤ ᠬᠡᠷᠬᠢᠨ | ᠬᠠᠮᠵᠢᠯᠴᠠᠬᠤ ᠪᠣᠶ︖ | ᠲᠢᠶᠠᠨ ᠴᠦᠨ᠄ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠴᠤᠤᠷᠢᠶ᠎ᠠ᠂ ᠰᠠᠭᠤᠭᠠᠯᠢ | ᠲᠣᠭᠤᠷᠢᠭ ᠤᠨ ᠸᠢᠴᠠᠲ ᠤᠨ ᠬᠤᠯᠪᠤᠭ᠎ᠠ᠂ ᠵᠠᠷᠯᠠᠨ ᠨᠡᠶᠢᠲᠡᠯᠡᠬᠦ ᠪᠤᠯᠤᠩ ᠵᠡᠷᠭᠡ ᠪᠠᠷ ᠳᠠᠮᠵᠢᠭᠤᠯᠤᠨ ᠰᠠᠭᠤᠭᠠᠯᠢ | ᠠᠷᠠᠳ ᠲᠤ ᠨᠢᠰᠦᠭᠡ ᠤᠲᠠᠰᠤᠨ ᠤ ᠵᠠᠰᠠᠯᠲᠠ ᠶᠢᠨ ᠵᠥᠪ ᠲᠠᠯ᠎ᠠ ᠶᠢᠨ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠬᠢᠵᠦ᠂ | ᠰᠠᠭᠤᠭᠠᠯᠢ ᠲᠣᠭᠤᠷᠢᠭ ᠤᠨ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠪᠠᠷᠢᠯᠭ᠎ᠠ ᠶᠢᠨ | ᠠᠵᠢᠯᠲᠠᠳ ᠲᠠᠢ ᠬᠠᠮᠵᠢᠯᠴᠠᠨ ᠨᠢᠰᠦᠭᠡ ᠤᠲᠠᠰᠤᠨ ᠤ ᠵᠠᠰᠠᠯᠲᠠ ᠶᠢᠨ ᠠᠵᠢᠯ ᠬᠢᠯᠭᠡᠨ᠎ᠡ᠃ ᠭᠡᠷᠡᠯᠯᠢᠭ ᠳᠡᠭᠡᠰᠦ ᠶᠢ | ᠳᠠᠬᠢᠨ ᠪᠠᠶᠢᠷᠢᠯᠠᠭᠤᠯᠬᠤ᠂ ᠬᠡᠷᠡᠯ ᠰᠣᠯᠢᠯᠴᠠᠭᠠᠨ ᠤ ᠬᠠᠶᠢᠷᠴᠠᠭ ᠢ ᠰᠣᠯᠢᠬᠤ ᠠᠴᠠ ᠪᠣᠯᠵᠣ ᠬᠡᠷᠡᠭᠯᠡᠭᠴᠢᠳ ᠤᠨ | ᠰᠦᠯᠵᠢᠶ᠎ᠡ ᠶᠢ ᠲᠠᠰᠤᠯᠬᠤ ᠠᠰᠠᠭᠤᠳᠠᠯ ᠳᠤ ᠴᠢᠭᠯᠡᠭᠦᠯᠦᠨ᠂ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ | ᠠᠷᠠᠳ ᠰᠠᠨᠠᠭᠠᠴᠢᠯᠠᠭ᠎ᠠ ᠠᠴᠠ ᠪᠠᠨ ᠰᠠᠭᠤᠭ᠎ᠠ ᠭᠠᠵᠠᠷ ᠤᠨ ᠣᠶᠢᠷ᠎ᠠ ᠬᠠᠪᠢ ᠶᠢᠨ ᠰᠠᠭᠤᠷᠢ ᠴᠠᠬᠢᠯᠭᠠᠨ ᠬᠤᠯᠪᠣᠭᠠᠨ ᠤ | ᠠᠵᠤ ᠠᠬᠤᠶᠢᠯᠠᠯ ᠤᠨ ᠡᠵᠡᠩᠨᠡᠯᠲᠡ ᠶᠢᠨ ᠲᠢᠩᠬᠢᠮ ᠲᠠᠢ ᠬᠠᠷᠢᠯᠴᠠᠵᠤ᠂ ᠴᠠᠭ ᠲᠤᠬᠠᠶ ᠳᠤᠨᠢ ᠨᠡᠪᠲᠡᠷᠡᠯᠴᠡᠨ | ᠵᠣᠬᠢᠴᠠᠭᠤᠯᠵᠤ᠂ ᠭᠡᠷᠡᠯᠯᠢᠭ ᠳᠡᠭᠡᠰᠦ ᠶᠢ ᠳᠠᠬᠢᠨ ᠪᠠᠶᠢᠷᠢᠯᠠᠭᠤᠯᠤᠭᠰᠠᠨ ᠠᠴᠠ ᠪᠣᠯᠵᠣ ᠬᠡᠷᠡᠭᠯᠡᠭᠴᠢᠳ ᠤᠨ | ᠰᠦᠯᠵᠢᠶ᠎ᠡ ᠶᠢ ᠲᠠᠰᠤᠯᠬᠤ ᠠᠰᠠᠭᠤᠳᠠᠯ ᠢ ᠲᠦᠷᠭᠡᠬᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃ ᠲᠠᠷᠠᠭᠠᠴᠢ ᠶᠢᠨ | ᠠᠯᠬᠤᠮ ᠳᠤ᠂ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠬᠢᠴᠢᠯᠯᠠᠲᠠ ᠪᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠣᠪᠴᠢᠶ᠎ᠠ ᠨᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠰᠠᠭᠤᠷᠢ ᠴᠠᠬᠢᠯᠭᠠᠨ ᠬᠤᠯᠪᠣᠭᠠᠨ ᠤ ᠠᠵᠤ | ᠠᠬᠤᠶᠢᠯᠠᠯ ᠲᠠᠢ ᠬᠤᠯᠪᠣᠭᠠᠯᠠᠨ᠂ ᠨᠢᠰᠦᠭᠡ ᠤᠲᠠᠰᠤᠨ ᠤ ᠵᠠᠰᠠᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠠᠶᠢᠭᠤᠯᠤᠨ᠎ᠠ᠃ | ᠰᠣᠷᠪᠣᠯᠵᠢᠯᠠᠭᠴᠢ᠄ ᠲᠢᠶᠠᠨ ᠲᠣᠪᠴᠢᠶᠠᠨ ᠳᠠᠷᠤᠭ᠎ᠠ ᠶᠢᠨ ᠪᠢᠳᠡᠨ ᠳᠤ ᠡᠶᠢᠮᠦ ᠣᠯᠠᠨ ᠬᠡᠷᠡᠭᠴᠡᠭᠡ ᠲᠠᠢ | ᠰᠠᠨᠠᠭᠤᠯᠭ᠎ᠠ ᠥᠭᠭᠦᠭᠰᠡᠨ ᠳᠤ ᠮᠠᠰᠢ ᠲᠠᠯᠠᠷᠬᠠᠵᠤ ᠪᠠᠶᠢᠨ᠎ᠠ᠂ ᠥᠨᠥᠳᠦᠷ ᠤᠨ ᠰᠤᠷᠪᠤᠯᠵᠢᠯᠠᠭ᠎ᠠ ᠠᠳᠡ ᠬᠥᠷᠥᠶ᠎ᠡ᠂ | ᠪᠠᠶᠠᠷᠲᠠᠶ᠃ | ᠲᠢᠶᠠᠨ ᠴᠦᠨ᠄ ᠲᠠᠨ ᠳᠤ ᠪᠠᠶᠠᠷᠯᠠᠯ᠎ᠠ᠃ | |