ᠠᠷᠤ ᠬᠤᠷᠴᠢᠨ ᠬᠤᠰᠢᠭᠤᠨ ᠤ ᠬᠤᠰᠢᠭᠤ ᠰᠢᠶᠠᠩ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠷᠤᠭᠰᠢᠲᠠᠶ ᠳᠠᠭᠤᠰᠪᠠ
ᠨᠡᠶᠢᠲᠡᠯᠡᠭᠰᠡᠨ ᠴᠠᠭ᠄
2021/11/26
       2021 ᠣᠨ ᠤ 11 ᠰᠠᠷ᠎ᠠ ᠶᠢᠨ 18 ᠤ ᠡᠳᠦᠷ᠂ ᠠᠷᠤ ᠬᠤᠷᠴᠢᠨ ᠬᠤᠰᠢᠭᠤᠨ ᠤ ᠬᠤᠰᠢᠭᠤ ᠰᠢᠶᠠᠩ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠷᠤᠭᠰᠢᠲᠠᠶ ᠳᠠᠭᠤᠰᠴᠤ᠂ ᠰᠢᠨ᠎ᠡ ᠨᠢᠭᠡ ᠬᠤᠭᠤᠴᠠᠭᠠᠨ ᠤ ᠬᠤᠰᠢᠭᠤᠨ ᠱᠠᠳᠣᠨ ᠤ 198 ᠠᠷᠠᠳ ᠤᠨ ᠲᠥᠯᠥᠭᠡᠯᠡᠭᠴᠢ ᠶᠢ ᠰᠣᠩᠭᠤᠨ ᠭᠠᠷᠭᠠᠵᠤ᠂ ᠳᠡᠭᠡᠷ᠎ᠡ ᠨᠢᠭᠡ ᠬᠤᠭᠤᠴᠠᠭᠠᠨ ᠤ ᠬᠢ ᠠᠴᠠ 10 ᠬᠥᠮᠦᠨ ᠨᠡᠮᠡᠭᠳᠡᠵᠡᠶ︔ ᠰᠢᠶᠠᠩ ᠪᠠᠯᠭᠠᠰᠤᠨ ᠤ ᠱᠠᠳᠤ ᠶᠢᠨ ᠠᠷᠠᠳ ᠤᠨ ᠲᠥᠯᠥᠭᠡᠯᠡᠭᠴᠢ 789 ᠬᠥᠮᠦᠨ ᠪᠠᠶᠢᠵᠤ᠂ ᠳᠡᠭᠡᠷ᠎ᠡ ᠨᠢᠭᠡ ᠬᠤᠭᠤᠴᠠᠭᠠᠨ ᠤ ᠬᠢ ᠠᠴᠠ 68 ᠬᠥᠮᠦᠨ ᠨᠡᠮᠡᠭᠳᠡᠵᠡᠶ᠃        ᠰᠢᠨ᠎ᠡ ᠨᠢᠭᠡ ᠬᠤᠭᠤᠴᠠᠭᠠᠨ ᠤ ᠬᠤᠰᠢᠭᠤᠨ ᠱᠠᠳᠣᠨ ᠤ ᠠᠷᠠᠳ ᠤᠨ ᠲᠥᠯᠥᠭᠡᠯᠡᠭᠴᠢ ᠨᠢ ᠮᠠᠯᠴᠢᠨ ᠲᠠᠷᠢᠶᠠᠴᠢᠨ᠂ ᠺᠠᠳ᠋ᠷ᠂ ᠲᠤᠰᠬᠠᠶ ᠮᠡᠷᠭᠡᠵᠢᠯ ᠤᠨ ᠠᠵᠢᠯᠲᠠᠨ᠂ ᠠᠵᠤ ᠠᠬᠤᠶᠢᠯᠠᠯ ᠤᠨ ᠡᠲᠡᠭᠡᠳ ᠤᠨ ᠲᠥᠯᠥᠭᠡᠯᠡᠭᠴᠢ᠂ ᠨᠡᠶᠢᠭᠡᠮ ᠲᠣᠭᠤᠷᠢᠭ ᠤᠨ ᠠᠵᠢᠯᠲᠠᠨ᠂ ᠨᠡᠶᠢᠭᠡᠮ ᠤᠨ ᠰᠢᠨ᠎ᠡ ᠳᠠᠪᠬᠤᠷᠭ᠎ᠠ ᠵᠡᠷᠭᠡ 6 ᠡᠲᠡᠭᠡᠳ ᠤᠨ ᠢᠯᠭᠠᠯ ᠢᠶᠠᠷ ᠪᠦᠷᠢᠯᠳᠦᠪᠡ᠃ ᠡᠭᠦᠨ ᠳᠤ ᠮᠠᠯᠴᠢᠨ ᠲᠠᠷᠢᠶᠠᠴᠢᠨ ᠤ ᠲᠥᠯᠥᠭᠡᠯᠡᠭᠴᠢ 73 ᠬᠥᠮᠦᠨ ᠪᠠᠶᠢᠵᠤ᠂ 36.87% ᠶᠢ ᠡᠵᠡᠯᠡᠵᠦ᠂ ᠺᠠᠳ᠋ᠷ ᠤᠨ ᠲᠥᠯᠥᠭᠡᠯᠡᠭᠴᠢ 59 ᠬᠥᠮᠦᠨ ᠪᠠᠶᠢᠵᠤ᠂ 29.8% ᠶᠢ ᠡᠵᠡᠯᠡᠵᠦ᠂ ᠲᠤᠰᠬᠠᠶ ᠮᠡᠷᠭᠡᠵᠢᠯ ᠤᠨ ᠠᠵᠢᠯᠲᠠᠨ ᠤ ᠲᠥᠯᠥᠭᠡᠯᠡᠭᠴᠢ 39 ᠬᠥᠮᠦᠨ ᠪᠠᠶᠢᠵᠤ᠂ 19.7% ᠶᠢ ᠡᠵᠡᠯᠡᠵᠦ᠂ ᠨᠠᠮ ᠤᠨ ᠭᠡᠰᠢᠭᠦᠨ ᠤ ᠲᠥᠯᠥᠭᠡᠯᠡᠭᠴᠢ 128 ᠬᠥᠮᠦᠨ ᠪᠠᠶᠢᠵᠤ᠂ 64.65% ᠶᠢ ᠡᠵᠡᠯᠡᠵᠦ᠂ ᠴᠥᠭᠡᠨ ᠲᠣᠭᠠᠲᠤ ᠦᠨᠳᠦᠰᠦᠲᠡᠨ ᠤ ᠲᠥᠯᠥᠭᠡᠯᠡᠭᠴᠢ 103 ᠬᠥᠮᠦᠨ ᠪᠠᠶᠢᠵᠤ᠂ 52.02% ᠶᠢ ᠡᠵᠡᠯᠡᠵᠦ᠂ ᠡᠮᠡᠭᠲᠡᠶ ᠲᠥᠯᠥᠭᠡᠯᠡᠭᠴᠢ 65 ᠬᠥᠮᠦᠨ ᠪᠠᠶᠢᠵᠤ᠂ 29.8% ᠶᠢ ᠡᠵᠡᠯᠡᠵᠦ᠂ ᠳᠡᠭᠡᠳᠦ ᠱᠠᠲᠤᠨ ᠤ ᠬᠤᠯᠪᠣᠭᠳᠠᠯ ᠪᠥᠬᠦᠶ ᠱᠠᠭᠠᠷᠳᠠᠯᠭ᠎ᠠ ᠳᠤ ᠨᠡᠶᠢᠴᠡᠪᠡ᠃
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号