ᠠᠷᠤ ᠬᠤᠷᠴᠢᠨ ᠬᠤᠰᠢᠭᠤ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠵᠦ ᠪᠣᠢ
ᠨᠡᠶᠢᠲᠡᠯᠡᠭᠰᠡᠨ ᠴᠠᠭ᠄
2021/11/26
     ᠠᠷᠤ ᠬᠤᠷᠴᠢᠨ ᠬᠤᠰᠢᠭᠤ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠵᠦ ᠪᠣᠢ᠃ ᠨᠢᠭᠡ ᠳᠤ᠂ ᠣᠯᠠᠨ ᠲᠠᠰ ᠳᠠᠪᠬᠤᠷᠭ᠎ᠠ ᠶᠢᠨ ᠪᠠᠯᠠ ᠲᠣᠬᠢᠷᠠᠭᠤᠯᠭ᠎ᠠ ᠶᠢ ᠵᠣᠯᠭᠠᠭᠤᠯᠬᠤ ᠠᠵᠢᠯᠯᠠᠭ᠎ᠠ ᠦᠷᠨᠢᠭᠦᠯᠪᠡ᠃ ᠵᠠᠰᠠᠭ ᠤᠨ ᠣᠷᠳᠣᠨ ᠮᠥᠩᠭᠦᠨ ᠭᠦᠢᠯᠭᠡᠭᠡ ᠪᠠ ᠠᠵᠤ ᠠᠬᠤᠶᠢᠯᠠᠯ ᠢ ᠵᠣᠯᠭᠠᠭᠤᠯᠬᠤ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠮᠦᠩᠭᠦᠨ ᠭᠦᠢᠯᠭᠡᠭᠡ ᠠᠵᠤ ᠠᠬᠤᠶᠢᠯᠠᠯ ᠢ ᠵᠣᠯᠭᠠᠭᠤᠯᠬᠤ ᠦᠢᠯᠡᠴᠢᠯᠡᠭᠡᠨ ᠤ ᠲᠠᠪᠴᠠᠩ ︵ᠸᠢᠴᠠᠲ ᠤᠨ ᠴᠣᠭᠯᠠᠷᠠᠯ︶ ᠢ ᠪᠠᠶᠢᠭᠤᠯᠬᠤ ᠵᠡᠷᠭᠡ ᠠᠯᠢ ᠤᠯᠠᠨ ᠠᠷᠭ᠎ᠠ ᠬᠡᠮᠵᠢᠶ᠎ᠡ ᠶᠢ ᠠᠪᠴᠤ᠂ ᠪᠠᠩᠬᠢ ᠪᠠ ᠠᠵᠤ ᠠᠬᠤᠶᠢᠯᠠᠯ ᠤᠨ ᠬᠤᠭᠤᠷᠣᠨᠳᠣ ︽ᠵᠠᠪᠰᠠᠷ ᠦᠭᠡᠢ︾ ᠪᠠᠷ ᠬᠠᠷᠢᠯᠴᠠᠬᠤ ᠶᠢ ᠪᠡᠶᠡᠯᠡᠭᠦᠯᠵᠦ᠂ ᠵᠠᠰᠠᠭ ᠤᠨ ᠣᠷᠳᠣᠨ ᠪᠠ ᠮᠥᠩᠭᠦᠨ ᠭᠦᠢᠯᠭᠡᠭᠡ ᠠᠵᠤ ᠠᠬᠤᠶᠢᠯᠠᠯ ᠤᠨ ᠨᠡᠪᠲᠡᠷᠡᠯᠴᠡᠬᠦ ᠠᠷᠭ᠎ᠠ ᠵᠠᠮ ᠢ ᠰᠠᠭᠠᠳ ᠦᠭᠡᠢ ᠪᠤᠯᠭᠠᠪᠠ᠃ ᠣᠲᠣ ᠪᠣᠯᠲᠠᠯ᠎ᠠ᠂ ᠨᠡᠷᠡᠰ ᠤᠨ ᠵᠢᠭᠰᠠᠭᠠᠯᠲᠠ ᠳᠠᠬᠢ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 5424 ᠲᠦᠮᠡᠨ ᠲᠥᠭᠦᠷᠢᠭ ᠲᠤ ᠬᠦᠷᠴᠦ᠂ ᠬᠤᠷᠠᠯ ᠤᠨ ᠳᠠᠷᠠᠭ᠎ᠠ 1050 ᠲᠦᠮᠡᠨ ᠲᠥᠭᠦᠷᠢᠭ ᠤᠨ ᠵᠢᠭᠡᠯᠡᠯᠭᠡ ᠶᠢ ᠰᠢᠨ᠎ᠡ ᠪᠠᠷ ᠲᠠᠯᠪᠢᠬᠤ ᠪᠣᠯᠣᠨ᠎ᠠ᠃ ᠬᠤᠶᠠᠷ ᠲᠤ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢ ᠨᠡᠮᠡᠭᠳᠡᠭᠦᠯᠵᠦ᠂ ᠤᠨᠴᠠᠯᠢᠭᠳᠤ ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠤ ᠰᠢᠨ᠎ᠡ ᠶᠢ ᠡᠭᠦᠳᠪᠡ᠃ ᠲᠣᠮᠣ ᠳ᠋ᠠᠶᠢᠲ᠋ᠠ᠂ ᠡᠭᠦᠯᠡᠨ ᠪᠤᠳᠤᠯᠲᠠ ᠵᠡᠷᠭᠡ ᠮᠡᠷᠭᠡᠵᠢᠯ ᠢ ᠬᠡᠷᠡᠭᠯᠡᠨ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠢᠲᠡᠭᠡᠮᠵᠢ ᠶᠢᠨ ᠬᠢᠷᠢ ᠬᠡᠮᠵᠢᠶ᠎ᠡ ᠶᠢ ᠶᠡᠷᠦᠩᠬᠡᠶᠢᠯᠡᠨ ᠦᠨᠡᠯᠡᠵᠦ᠂ ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠢ ᠦᠷᠭᠦᠯᠵᠢᠯᠡᠨ ᠰᠠᠶᠢᠵᠢᠷᠠᠭᠤᠯᠤᠨ ᠪᠠᠶᠠᠯᠢᠭᠵᠢᠭᠤᠯᠵᠤ᠂ ᠢᠲᠡᠭᠡᠮᠵᠢᠲᠦ ᠵᠢᠭᠡᠯᠡᠯᠭᠡ ᠲᠠᠯᠪᠢᠬᠤ ᠬᠠᠷᠢᠴᠠᠯ ᠢ ᠳᠡᠭᠡᠭᠰᠢᠯᠡᠭᠦᠯᠪᠡ᠃ ᠣᠲᠣ ᠪᠣᠯᠲᠠᠯ᠎ᠠ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠶᠢᠨ ᠦᠯᠡᠳᠡᠪᠦᠷᠢ ᠲᠤᠭ᠎ᠠ 1.45 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠳᠣᠲᠣᠷ᠎ᠠ 5294 ᠲᠦᠮᠡᠨ ᠲᠥᠭᠦᠷᠢᠭ ᠢ ᠰᠢᠨ᠎ᠡ ᠪᠠᠷ ᠲᠠᠷᠬᠠᠭᠠᠨ᠎ᠠ᠃ ᠭᠤᠷᠪᠠ ᠳᠤ᠂ ᠪᠠᠯᠠ ᠲᠣᠬᠢᠷᠠᠭᠤᠯᠬᠤ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠵᠦ᠂ ᠪᠠᠯᠠ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠪᠠ᠃ ᠡᠯ᠎ᠡ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠶᠢ ᠪᠦᠲᠦᠮᠵᠢᠲᠡᠶ ᠡᠵᠡᠮᠳᠡᠭᠰᠡᠨ ᠤᠷᠢᠲᠠᠯ ᠳᠣᠤᠷ᠎ᠠ᠂ ᠡᠬᠡ ᠮᠥᠩᠭᠦ ᠶᠢ ᠪᠤᠴᠠᠭᠠᠬᠤ ᠥᠬᠡᠶ ᠪᠠᠷ ᠦᠷᠭᠦᠯᠵᠢᠯᠡᠨ ᠵᠢᠭᠡᠯᠡᠯᠭᠡ ᠲᠠᠯᠪᠢᠬᠤ᠂ ᠬᠡᠵᠢᠶ᠎ᠡ ᠵᠢᠭᠡᠯᠡᠪᠡᠯ ᠬᠡᠵᠢᠶ᠎ᠡ ᠪᠤᠴᠠᠭᠠᠬᠤ ᠵᠡᠷᠭᠡ ᠵᠢᠭᠡᠯᠡᠯᠭᠡ ᠶᠢᠨ ᠦᠢᠯᠡᠳᠬᠦᠨ ᠢ ᠦᠷᠭᠦᠯᠵᠢᠯᠡᠨ ᠲᠡᠭᠦᠯᠳᠡᠷᠵᠢᠭᠦᠯᠬᠦ ᠶᠢ ᠢᠳᠡᠪᠬᠢᠲᠡᠶ ᠠᠬᠢᠭᠤᠯᠵᠤ᠂ ᠵᠣᠭᠤᠰ ᠬᠡᠷᠡᠭᠯᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠦᠨ᠂ ᠳᠤᠮᠳᠠ  ᠪᠠᠭ᠎ᠠ ᠵᠢᠵᠢᠭ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠶᠡᠷᠦᠩᠬᠡᠶᠢᠯᠡᠭᠰᠡᠨ ᠥᠪᠡᠷ ᠤᠨ ᠥᠷᠲᠡᠭ ᠢ ᠪᠠᠭᠤᠷᠠᠭᠤᠯᠪᠠ᠃ ᠣᠲᠣ ᠪᠣᠯᠲᠠᠯ᠎ᠠ᠂  ᠪᠠᠭ᠎ᠠ ᠵᠢᠵᠢᠭ ᠠᠵᠤ ᠠᠬᠤᠶᠢᠯᠠᠯ ᠤᠨ ᠵᠢᠭᠡᠯᠡᠯᠭᠡ ᠶᠢᠨ ᠬᠤᠭᠤᠴᠠᠭ᠎ᠠ ᠶᠢ ᠤᠷᠲᠤᠳᠬᠠᠨ 7934 ᠲᠦᠮᠡᠨ ᠲᠥᠭᠦᠷᠢᠭ ᠤᠨ ᠵᠢᠭᠡᠯᠡᠯᠭᠡ ᠶᠢ ᠦᠷᠭᠦᠯᠵᠢᠯᠡᠭᠦᠯᠵᠦ᠂ ᠠᠵᠤ ᠠᠬᠤᠶᠢᠯᠠᠯ ᠳᠤ 635 ᠲᠦᠮᠡᠨ ᠲᠥᠭᠦᠷᠢᠭ ᠤᠨ ᠥᠪᠡᠷ ᠤᠨ ᠥᠷᠲᠡᠭ ᠢ ᠠᠷᠪᠢᠯᠠᠵᠤ ᠥᠭᠴᠡᠶ᠃ ᠪᠥᠬᠦ ᠬᠤᠰᠢᠭᠤᠨ ᠤ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠠᠭ᠎ᠠ ᠵᠢᠵᠢᠭ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 38.64 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠳᠣᠲᠣᠷ᠎ᠠ ᠰᠢᠨ᠎ᠡ ᠪᠠᠷ 15.62 ᠳ᠋ᠦᠩᠰᠢᠭᠤᠷ ᠲᠥᠭᠦᠷᠢᠭ ᠣᠷᠣᠭᠤᠯᠬᠤ ᠪᠠᠷ ᠪᠣᠢ᠃
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号