︽ᠪᠠᠶᠠᠷ ᠪᠠᠭ᠋ᠠᠳᠤᠯ᠂ ᠪᠣᠯᠪᠠᠰᠤᠨ︾ ᠢ ᠥᠨᠳᠥᠰᠤᠨ ᠱᠠᠳᠤᠨ ᠳᠤ ᠬᠦᠷᠭᠡᠬᠦ ᠠᠵᠢᠯᠯᠠᠭᠠᠨ
ᠨᠡᠶᠢᠲᠡᠯᠡᠭᠰᠡᠨ ᠴᠠᠭ᠄
2021/11/26
     ᠶᠡᠷᠦᠩᠭᠡᠶᠢᠯᠡᠭᠰᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠦᠨᠳᠦᠰᠦᠨ ᠱᠠᠳᠤᠨ ᠳᠤ              11 ᠰᠠᠷ᠎ᠠ ᠶᠢᠨ 23 — 25 ᠤ ᠡᠲᠤᠷ ᠪᠣᠯᠲᠠᠯ᠎ᠠ᠂ ᠬᠤᠰᠢᠭᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠠᠰ ᠬᠤᠯᠪᠤᠬᠳᠠᠯ ᠪᠦᠬᠦᠢ ᠡᠬᠦᠷᠬᠡ ᠴᠢᠲᠠᠪᠣᠷᠢᠲᠥ ᠰᠠᠯᠠᠭ᠎ᠠ ᠮᠦᠴᠢᠷ ᠢ ᠵᠤᠬᠢᠶᠠᠨ ᠪᠠᠶᠢᠭᠤᠯᠵᠥ ᠰᠠᠶᠢᠨ ᠳᠤᠷ᠎ᠠ  ᠶᠢᠨ ᠦᠢᠯᠡᠴᠢᠯᠡᠭᠡᠨ ᠤ ᠠᠩᠬᠢ ᠪᠠᠶᠢᠭᠤᠯᠤᠨ ︽ᠪᠠᠶᠠᠷ ᠪᠠᠭ᠋ᠠᠳᠤᠯ᠂  ᠪᠣᠯᠪᠠᠰᠤᠨ︾ ᠢ ᠦᠠᠲᠤᠰᠤᠨ ᠱᠠᠳᠤᠨ ᠳᠤ ᠬᠦᠷᠭᠡᠬᠦ ᠶᠠᠷᠤᠩᠬᠡᠶᠢᠯᠩᠰᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠦᠷᠨᠢᠬᠦᠯᠵᠥ᠂ ᠦᠷᠬᠡᠨ ᠤᠯᠠᠨ ᠲᠦᠮᠡᠨ ᠳᠤ ᠲᠠᠷᠢᠶᠠᠯᠠᠩ ᠮᠠᠯ ᠠᠵᠦ ᠠᠬᠤᠢ ᠶᠢᠨ ᠮᠡᠷᠭᠡᠵᠢᠯ ᠮᠠᠲᠠᠯᠬᠡ᠂ ᠰᠠᠶᠢᠨ ᠳᠤᠷ᠎ᠠ ᠶᠢᠨ ᠡᠮᠴᠢᠯᠡᠭᠡ᠂ ᠤᠤᠠᠭ᠋᠎ᠠ ᠤᠷᠠᠯᠢᠭ ᠤᠨ ᠲᠤᠠᠠᠯᠠᠯᠳ᠋ᠨ᠂ ᠰᠢᠠᠵᠢᠯᠠᠬᠦ ᠤᠬᠠᠭᠠᠨ ᠲᠦᠬᠡᠮᠠᠯᠵᠢᠬᠦᠯᠬᠦ ᠤᠬᠠᠭᠤᠯᠭ᠎ᠠ᠂ ᠬᠠᠤᠯᠢ ᠲᠦᠬᠡᠮᠠᠯᠵᠢᠬᠦᠯᠬᠦ ᠤᠬᠠᠭᠤᠯᠭ᠎ᠠ ᠵᠠᠷᠬᠡ ᠰᠠᠶᠢᠨ ᠳᠤᠷ᠎ᠠ ᠶᠢᠨ ᠰᠢᠷᠢᠰ ᠦᠢᠯᠠᠴᠢᠯᠡᠭᠡ ᠬᠠᠩᠭᠠᠪᠠ᠃
       ᠬᠤᠰᠢᠭᠤᠨ ᠤ ᠤᠯᠠᠭᠠᠠᠮᠦ᠋ᠴᠢᠷ᠂ ᠤᠢ ᠰᠢᠭᠤᠢ ᠨᠤᠲᠤᠭ ᠪᠡᠯᠴᠢᠭᠡᠷ ᠤᠨ ᠲᠤᠪᠴᠢᠶ᠎ᠠ᠂ ᠰᠤᠶᠤᠯ ᠤᠨ ᠵᠠᠭ᠋᠎ᠠ ᠳᠡᠯᠭᠡᠭᠦᠷ ᠤᠨ ᠶᠠᠷᠤᠩᠬᠡᠶᠢᠯᠩᠰᠠᠨ ᠵᠠᠰᠠᠭ ᠵᠠᠬᠢᠷᠭᠠᠨ ᠤ ᠬᠠᠤᠯᠢ ᠬᠡᠷᠩᠵᠢᠬᠦᠯᠬᠦ ᠲᠤᠪᠴᠢᠶ᠎ᠠ᠂ ᠡᠷᠠᠬᠦᠯ ᠬᠠᠮᠠᠭᠠᠯᠠᠯ ᠡᠷᠡᠬᠦᠯ ᠮᠠᠨᠳᠤ ᠶᠢᠨ ᠵᠦᠪᠯᠡᠯ᠂ ᠳᠤᠳᠤᠭᠠᠳᠤ ᠶᠢ ᠬᠠᠮᠠᠭᠠᠯᠬᠠᠥ ᠲᠤᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠶᠡᠭᠡ ᠠᠩᠬᠢ᠂ ᠬᠠᠤᠯᠢ ᠴᠠᠭᠠᠵᠠ ᠶᠢᠨ ᠲᠤᠪᠴᠢᠶ᠎ᠠ᠂ ᠦᠨᠳᠦᠰᠦᠳᠡᠨ ᠤ ᠬᠡᠷᠩ ᠡᠷᠬᠢᠯᠡᠬᠦ ᠵᠦᠪᠯᠡᠯ᠂ ᠰᠢᠠᠵᠢᠯᠠᠬᠦ ᠤᠬᠠᠭᠠᠨ ᠮᠡᠷᠭᠡᠵᠢᠯ ᠤᠨ ᠨᠠᠶᠢᠬᠡᠮᠯᠢᠭ᠂ ᠲᠠᠷᠢᠶᠠᠯᠠᠩ ᠮᠠᠯ ᠠᠵᠥ ᠠᠬᠤᠢ ᠶᠢᠨ ᠲᠤᠪᠴᠢᠶ᠎ᠠ ᠵᠠᠷᠬᠡ 9 ᠰᠠᠯᠠᠭ᠎ᠠ ᠮᠦᠴᠢᠷ ᠢᠶᠠᠷ ᠪᠦᠷᠢᠯᠲᠤᠭ᠍ᠰᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠨᠢ ᠤᠷᠢᠤᠨ ᠬᠤᠵᠢᠤᠨ ᠲᠢᠶᠠᠨᠱᠠᠨᠺᠸᠦ ᠪᠠᠯᠭᠠᠰᠤ ᠶᠢᠨ ᠫᠢᠩ ᠠᠨ ᠳ᠋ᠢ ᠲᠤᠰᠬᠤᠨ᠂ ᠴᠢᠪᠠᠭ᠎ᠠ ᠪᠠᠯᠭᠠᠰᠤ ᠶᠢᠨ ᠹᠠᠩ ᠱᠧᠨ ᠲᠤᠰᠬᠤᠨ᠂ ᠬᠠᠨᠰᠦ᠋ᠮ᠎ᠡ ᠰᠤᠮᠤ ᠶᠢᠨ ᠪᠠᠶᠠᠨᠬᠤᠰᠢᠭᠤ ᠬ᠋ᠠᠴᠠᠭ᠎ᠠ ᠪᠣᠯᠤᠨ ᠤᠷᠳᠤᠬᠦ᠋ᠪ ᠭᠠᠴᠠᠭ᠎ᠠ᠂ ᠰᠠᠶᠢᠬᠠᠨᠳᠠᠯ᠎ᠠ ᠰᠤᠮᠤ ᠶᠢᠨ ᠴᠠᠭᠠᠨᠬᠤᠸᠠ ᠭᠠᠴᠠᠭ᠎ᠠ ᠪᠤᠯᠤᠨ ᠴᠠᠪᠢᠨᠳᠠᠯ᠎ᠠ ᠭᠠᠴᠠᠭ᠎ᠠ ᠵᠡᠷᠭᠡ 20 ᠭᠠᠴᠠᠭ᠎ᠠ ᠲᠤᠰᠬᠤᠨ ᠳᠤ ᠬᠦᠷᠴᠦ  ᠂ ᠶᠠᠷᠤᠩᠬᠡᠶᠢᠯᠩᠰᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠪᠡ᠃ ᠲᠦᠯᠥᠪᠯᠡᠬᠦ ᠪᠠᠷ᠂ 12 ᠰᠠᠷ᠎ᠠ ᠶᠢᠨ 4 ᠤ ᠡᠳᠦᠷ ᠠᠴᠠ ᠡᠮᠤᠨ᠎ᠠ 30 ᠬ᠋ᠠᠴᠠᠭ᠎ᠠ ᠲᠤᠰᠬᠤᠨ ᠳᠤ ᠦᠢᠯᠡᠴᠢᠯᠡᠭᠡ ᠬᠦᠷᠭᠡᠬᠦ ᠪᠠᠷ ᠪᠠᠶᠢᠨ᠎ᠠ᠃
       ᠠᠵᠢᠯᠯᠠᠭᠠᠨ ᠳᠤ᠂ ᠬᠤᠰᠢᠭᠤᠨ ᠤ ᠤᠯᠠᠭᠠᠠᠮᠦ᠋ᠴᠢᠷ ᠤᠨ ᠲᠤᠬᠯᠠᠬᠴᠢᠳ ᠳᠠᠭᠤᠤ ᠪᠦᠵᠢᠭ᠂ ᠱᠤᠭ ᠶᠠᠷᠢᠶ᠎ᠠ ᠂ ᠮᠤᠷᠢᠨ ᠬᠤᠭᠤᠷ᠂ ᠭᠦᠭᠡᠮᠡᠢ ᠵᠡᠷᠭᠡ ᠤᠯᠠᠨ ᠲᠦᠮᠡᠨ ᠤ ᠦᠵᠡᠵᠦ ᠪᠠᠭ᠋ᠠᠷᠬᠠᠬᠤ ᠳᠤᠷᠠᠳᠠᠢ ᠭᠤᠴᠤ ᠰᠠᠶᠢᠬᠠᠨ ᠤᠳᠬ᠎ᠠ ᠤᠷᠠᠯᠢᠭ ᠤᠨ ᠲᠤᠬᠯᠠᠯᠳᠠ ᠭᠠᠷᠭᠠᠵᠦ᠂ ᠠᠬᠤᠢ ᠲᠠᠯᠠᠪᠠᠢ ᠬᠦᠷ ᠭᠦᠭᠵᠢᠶᠠᠨ ᠪᠢᠯᠬᠠᠨ᠂ ᠤᠯᠠᠨ ᠤ ᠠᠯᠠᠭ᠎ᠠ ᠲᠠᠰᠢᠯᠳᠠ ᠶᠢᠨ ᠲᠠᠭᠤᠨ ᠦᠶ᠎ᠠ ᠦᠶ᠎ᠠ ᠨᠢᠵᠢᠬᠢᠨᠡᠵᠦ ᠪᠠᠶᠢᠯ᠎ᠠ︔ ᠬᠤᠰᠢᠭᠤᠨ ᠤ ᠳᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠶᠡᠭᠡ ᠠᠩᠬᠢ ᠶᠢᠨ ᠭᠡᠰᠢᠭᠦᠳ ᠤᠯᠠᠨ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠦ᠂ ᠲᠤᠬᠠᠢ ᠶᠢᠨ ᠲᠠᠯᠠᠪᠠᠢ ᠳᠤ ᠵᠠᠮ ᠬᠠᠷᠢᠯᠴᠠᠭᠠᠨ ᠤ ᠬᠠᠤᠯᠢ ᠲᠤᠬᠳᠠᠭᠠᠯ ᠤᠨ ᠬᠠᠮᠢᠶ᠎ᠠ ᠪᠦᠬᠦᠢ ᠭᠠᠷ ᠳᠡᠪᠳᠡᠷ ᠢ ᠲᠠᠷᠬᠠᠭᠠᠪᠠ︔ ᠡᠮᠴᠢ ᠰᠤᠪᠢᠯᠠᠬᠴᠢ ᠠᠵᠢᠯᠳᠠᠳ ᠦᠷᠭᠡᠨ ᠤᠯᠠᠨ ᠲᠦᠮᠡᠨ ᠳᠤ ᠤᠨᠤᠰᠢᠯᠠᠨ ᠡᠮᠨᠡᠬᠦ ᠦᠢᠯᠡᠴᠢᠯᠡᠭᠡ ᠬᠠᠩᠭᠠᠬᠤ ᠶᠢᠨ ᠬᠠᠮᠳᠤ ᠰᠦᠢᠳᠭᠡᠯ ᠦᠭᠡᠢ ᠡᠮ ᠲᠠᠩ ᠲᠠᠷᠬᠠᠭᠠᠨ ᠬᠤᠪᠢᠶᠠᠵᠠᠢ︔ ᠬᠤᠰᠢᠭᠤᠨ ᠤ ᠤᠢ ᠰᠢᠭᠤᠢ ᠨᠤᠲᠤᠭ ᠪᠡᠯᠴᠢᠭᠡᠷ ᠤᠨ ᠲᠤᠪᠴᠢᠶ᠎ᠠ᠂ ᠰᠤᠶᠤᠯ ᠤᠨ ᠵᠠᠭ᠋᠎ᠠ ᠳᠡᠯᠭᠡᠭᠦᠷ ᠤᠨ ᠶᠠᠷᠤᠩᠬᠡᠶᠢᠯᠩᠰᠠᠨ ᠵᠠᠰᠠᠭ ᠵᠠᠬᠢᠷᠭᠠᠨ ᠤ ᠬᠠᠤᠯᠢ ᠬᠡᠷᠩᠵᠢᠬᠦᠯᠬᠦ ᠲᠤᠪᠴᠢᠶ᠎ᠠ᠂ ᠡᠷᠠᠬᠦᠯ ᠬᠠᠮᠠᠭᠠᠯᠠᠯ ᠤᠨ ᠵᠦᠪᠯᠡᠯ᠂ ᠬᠠᠤᠯᠢ ᠴᠠᠭᠠᠵᠠ ᠶᠢᠨ ᠲᠤᠪᠴᠢᠶ᠎ᠠ᠂ ᠦᠨᠳᠦᠰᠦᠳᠡᠨ ᠤ ᠬᠡᠷᠩ ᠡᠷᠬᠢᠯᠡᠬᠦ ᠵᠦᠪᠯᠡᠯ ᠂ ᠰᠢᠠᠵᠢᠯᠠᠬᠦ ᠤᠬᠠᠭᠠᠨ ᠮᠡᠷᠭᠡᠵᠢᠯ ᠤᠨ ᠨᠠᠶᠢᠬᠡᠮᠯᠢᠭ᠂ ᠲᠠᠷᠢᠶᠠᠯᠠᠩ ᠮᠠᠯ ᠠᠵᠥ ᠠᠬᠤᠢ ᠶᠢᠨ ᠲᠤᠪᠴᠢᠶ᠎ᠠ ᠵᠡᠷᠭᠡ ᠪᠠᠶᠢᠭᠤᠯᠭ᠎ᠠ ᠨᠢᠭᠡᠴᠡ ᠶᠢᠨ ᠰᠠᠶᠢᠨ ᠳᠤᠷᠠᠴᠤᠳ ᠲᠤᠰ ᠪᠡᠶ᠎ᠡ ᠶᠢᠨ ᠠᠵᠢᠯ ᠪᠠᠶᠢᠳᠠᠯ ᠲᠠᠢ ᠪᠠᠨ ᠤᠶᠠᠯᠳᠤᠭᠤᠯᠤᠨ ᠡᠷᠡᠬᠦᠯ ᠬᠠᠮᠠᠭᠠᠯᠠᠯ ᠪᠠ ᠬᠢᠵᠢᠭ ᠢ ᠰᠡᠷᠭᠡᠶᠢᠯᠡᠬᠦ᠂ ᠰᠢᠨᠵᠢᠯᠡᠬᠦ ᠤᠬᠠᠭᠠᠨ ᠮᠡᠷᠭᠡᠵᠢᠯ ᠵᠢᠴᠢ ᠲᠠᠷᠢᠶᠠᠯᠠᠩ ᠮᠠᠯ ᠠᠵᠦ ᠠᠬᠤᠢ ᠶᠢᠨ ᠮᠡᠳᠡᠯᠭᠡ ᠶᠢᠨ ᠦᠢᠯᠡᠴᠢᠯᠡᠭᠡ᠂ ᠬᠠᠤᠯᠢ ᠴᠠᠭᠠᠵᠠ ᠲᠦᠷᠦ ᠶᠢᠨ ᠪᠤᠳᠤᠯᠭ᠎ᠠ᠂ ᠰᠢᠠᠵᠢᠯᠠᠬᠦ ᠤᠬᠠᠭᠠᠨ ᠲᠦᠬᠡᠮᠠᠯᠵᠢᠬᠦᠯᠬᠦ ᠵᠠᠷᠬᠡ ᠤᠬᠠᠭᠤᠯᠭ᠎ᠠ ᠶᠢᠨ ᠠᠵᠢᠯ ᠦᠷᠨᠢᠬᠦᠯᠬᠦ ᠶᠢᠨ ᠬᠠᠮᠳᠤ ᠡᠯ᠎ᠡ ᠲᠦᠷᠦᠯ ᠤᠨ ᠤᠬᠠᠭᠤᠯᠭ᠎ᠠ ᠶᠢᠨ ᠪᠤᠳᠠᠰ ᠲᠠᠷᠬᠠᠭᠠᠵᠠᠢ᠃
       ᠲᠤᠰ ᠤᠳᠠᠭᠠᠨ ᠤ ᠠᠵᠢᠯᠯᠠᠭᠠᠨ ᠨᠢ ᠰᠢᠨ᠎ᠠ ᠴᠠᠭ ᠦᠶ᠎ᠡ ᠶᠢᠨ ᠪᠣᠯᠪᠠᠰᠤᠨ ᠢ ᠦᠢᠯᠡᠳᠦᠯᠭᠡᠵᠢᠬᠦᠯᠬᠦ ᠰᠠᠶᠢᠨ ᠳᠤᠷ᠎ᠠ ᠶᠢᠨ ᠦᠢᠯᠡᠴᠢᠯᠡᠭᠡ ᠶᠢ ᠤᠯᠠᠮ ᠨᠢᠬᠡ ᠠᠯᠬᠤᠮ ᠬᠥᠠᠵᠠᠬᠡᠶᠢᠷᠠᠬᠦᠯᠵᠥ᠂ ᠦᠠᠲᠤᠰᠤᠨ ᠱᠠᠳᠤᠨ ᠤ ᠤᠯᠠᠨ ᠲᠦᠮᠡᠨ ᠤ ᠤᠶᠤᠨ ᠤ ᠪᠠ ᠰᠤᠶᠤᠯ ᠤᠨ ᠠᠮᠢᠳᠤᠷᠠᠯ ᠢ ᠪᠦᠲᠤᠮᠵᠢᠲᠠᠢ ᠪᠠᠶᠠᠯᠢᠠᠠᠵᠢᠭᠤᠯᠵᠥ᠂ ᠨᠠᠮ ᠤᠨ ᠴᠢᠭᠯᠡᠯᠳᠡ ᠲᠦᠷᠦ ᠶᠢᠨ ᠪᠤᠳᠤᠯᠭ᠎ᠠ ᠶᠢ ᠤᠬᠠᠭᠤᠯᠤᠬᠰᠠᠨ ᠤ ᠬᠠᠮᠲᠥ ᠬᠠᠮᠤᠭ ᠤᠨ ᠬ᠋ᠤᠴᠥ ᠰᠠᠶᠢᠬᠠᠨ ᠤᠷᠠᠨ ᠲᠤᠠᠠᠯᠠᠯᠳ᠋ᠨ ᠪᠣᠯᠤᠨ ᠮᠡᠳᠡᠯᠭᠡ ᠶᠢ ᠠᠷᠠᠤᠨ ᠤᠯᠠᠨ ᠤ ᠲᠠᠷᠬᠡᠳ᠋ᠨ ᠬᠥᠷᠬᠡᠪᠠ᠃ ︵ᠭᠦᠰᠡᠯ  ᠰᠡᠷᠬᠦᠯᠡᠩ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号