ᠠᠷᠤ ᠬᠤᠷᠴᠢᠨ ᠬᠤᠰᠢᠭᠤ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠶᠠᠳᠠᠭᠤ ᠠᠴᠠ ᠠᠩᠭᠢᠵᠢᠷᠠᠭᠤᠯᠬᠤ | ᠰᠢᠪᠳᠣᠯᠣᠯᠳᠡ ᠶᠢᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠯᠠᠪᠳᠡᠭᠤᠨ ᠢᠶᠠᠷ ᠠᠬᠢᠭᠤᠯᠵᠤ ᠪᠣᠢ᠃ ᠨᠢᠭᠡ ᠳᠤ᠂ ᠶᠠᠳᠠᠭᠤᠷᠠᠬᠤ ᠪᠠ ᠲᠠᠬᠢᠨ ᠶᠠᠳᠠᠭᠤᠷᠠᠬᠤ ᠶᠢ | ᠰᠡᠷᠭᠡᠶᠢᠯᠡᠬᠦ ᠬᠥᠳᠡᠯᠦᠩᠭᠦᠶ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠪᠠᠶᠢᠩᠭᠤᠵᠢᠭᠤᠯᠤᠨ | ᠦᠷᠨᠢᠭᠦᠯᠪᠡ᠃ 712 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ ︽ᠶᠠᠳᠠᠭᠤᠷᠠᠬᠤ ᠶᠢ ᠰᠡᠷᠭᠡᠶᠢᠯᠡᠬᠦ | ᠳᠠᠭᠠᠳᠬᠠᠯ︾ ᠳᠤ ᠬᠡᠷᠡᠭᠯᠡᠵᠦ᠂ ᠶᠠᠳᠠᠭᠤ ᠠᠴᠠ ᠠᠩᠭᠢᠵᠢᠷᠠᠭᠤᠯᠤᠭᠰᠠᠨ 18339 ᠡᠷᠦᠭᠡ᠂ ᠵᠠᠬ᠎ᠠ ᠬᠢᠵᠠᠭᠠᠷ ᠤᠨ | ᠠᠮᠠᠷᠬᠠᠨ ᠶᠠᠳᠠᠭᠤᠷᠠᠬᠤ ᠪᠣᠯᠣᠯᠴᠠᠭ᠎ᠠ ᠲᠠᠢ 807 ᠡᠷᠦᠭᠡ᠂ ᠡᠩ ᠤᠨ ᠮᠠᠯᠴᠢᠨ ᠲᠠᠷᠢᠶᠠᠴᠢᠨ ᠡᠷᠦᠭᠡ ᠶᠢᠨ | 114041 ᠬᠦᠮᠣᠨ ᠳᠤ ᠶᠠᠳᠠᠭᠤᠷᠠᠬᠤ ᠶᠢ ᠰᠡᠷᠭᠡᠶᠢᠯᠡᠬᠦ ᠳᠠᠭᠠᠳᠬᠠᠯ ᠢ ᠨᠠᠶᠢᠳᠠᠪᠤᠷᠢᠵᠢᠭᠤᠯᠵᠤ᠂ ᠲᠠᠬᠢᠨ | ᠶᠠᠳᠠᠭᠤᠷᠠᠬᠤ ᠪᠣᠯᠣᠨ ᠰᠢᠨ᠎ᠡ ᠪᠠᠷ ᠶᠠᠳᠠᠭᠤᠷᠠᠬᠤ ᠶᠢ ᠦᠨᠡᠨᠬᠦ ᠰᠡᠷᠭᠡᠶᠢᠯᠡᠪᠡ᠃ ᠬᠤᠶᠠᠷ ᠲᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠪᠡ᠃ | 2021 ᠣᠨ ᠳᠤ᠂ 31525.90 ᠲᠦᠮᠡᠨ ᠲᠥᠭᠦᠷᠢᠭ ᠤᠨ ᠪᠠᠯᠠ ᠮᠥᠩᠭᠦ ᠶᠢ ᠡᠮᠬᠢᠯᠡᠨ ᠨᠡᠶᠢᠯᠡᠭᠦᠯᠵᠦ᠂ 43 | ᠲᠥᠷᠥᠯ ᠵᠦᠢᠯ ᠢ ᠬᠡᠷᠡᠭᠵᠢᠭᠦᠯᠦᠨ᠂ ᠠᠵᠢᠯ ᠢ ᠡᠬᠢᠯᠡᠭᠦᠯᠦᠭᠰᠡᠨ ᠨᠣᠷᠮ᠎ᠠ 100% ᠳᠤ ᠬᠦᠷᠴᠦ᠂ 22 ᠲᠥᠷᠥᠯ | ᠵᠦᠢᠯ ᠢ ᠨᠢᠭᠡᠨᠲᠡ ᠳᠠᠭᠤᠰᠬᠠᠪᠠ᠃ ᠭᠤᠷᠪᠠ ᠳᠤ᠂ ᠵᠡᠭᠦᠨ ᠪᠠᠷᠠᠭᠤᠨ ᠬᠡᠰᠡᠭ ᠤᠨ ᠭᠠᠵᠠᠷ ᠣᠷᠣᠨ ᠤ ᠬᠠᠮᠵᠢᠯᠴᠠᠭ᠎ᠠ | ᠪᠠ ᠵᠦᠡᠭ ᠬᠤᠸ᠋ᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠭᠦᠡᠵᠡᠭᠡᠶᠢᠷᠡᠭᠦᠯᠪᠡ᠃ ᠠᠷᠤ | ᠬᠤᠷᠴᠢᠨ ᠬᠤᠰᠢᠭᠤ ᠪᠣᠯᠣᠨ ᠴᠠᠩᠫᠢᠩ ᠲᠣᠭᠤᠷᠢᠭ ᠤᠨ ᠵᠠᠰᠠᠭ ᠤᠨ ᠣᠷᠳᠣᠨ 2021 ᠣᠨ ᠤ ᠵᠡᠭᠦᠨ ᠪᠠᠷᠠᠭᠤᠨ | ᠣᠷᠣᠨ ᠤ ᠬᠠᠮᠵᠢᠯᠴᠠᠭᠠᠨ ᠤ ᠬᠡᠯᠡᠯᠴᠡᠭᠡᠷ ᠲᠣᠭᠲᠠᠵᠤ᠂ ᠠᠵᠤ ᠦᠢᠯᠡᠰ ᠤᠨ ᠬᠠᠮᠲᠤᠷᠠᠯᠴᠠᠭ᠎ᠠ ᠪᠠᠨ ᠲᠠᠰᠤᠷᠠᠯᠲᠠ | ᠥᠬᠡᠶ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠰᠢᠨ᠎ᠡ ᠪᠠᠷ ᠨᠡᠮᠡᠭᠳᠡᠭᠰᠡᠨ ᠪᠠᠯᠠ ᠣᠷᠣᠭᠤᠯᠤᠯᠲᠠ 1.44 | ᠳ᠋ᠦᠩᠰᠢᠭᠤᠷ ᠲᠥᠭᠦᠷᠢᠭ ᠲᠤ ᠬᠦᠷᠴᠦ᠂ ᠣᠷᠣᠭᠤᠯᠵᠤ ᠠᠪᠴᠢᠷᠠᠭᠰᠠᠨ 5 ᠠᠵᠤ ᠠᠬᠤᠶᠢᠯᠠᠯ ᠴᠥᠮ | ᠲᠣᠭᠲᠠᠭᠤᠨ ᠢᠶᠠᠷ ᠡᠵᠡᠩᠨᠡᠪᠡ᠃ ᠵᠦᠡᠭ ᠬᠤᠸ᠋ᠨ ᠪᠦᠯᠦᠭᠯᠡᠯ ᠠᠷᠤ ᠬᠤᠷᠴᠢᠨ ᠬᠤᠰᠢᠭᠤᠨ ᠳᠤ 13 ᠲᠥᠷᠥᠯ ᠵᠦᠢᠯ | ᠢ ᠬᠡᠷᠡᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ ᠨᠢ 3623 ᠲᠦᠮᠡᠨ ᠲᠥᠭᠦᠷᠢᠭ ᠪᠣᠯᠤᠨ᠎ᠠ᠃ ᠳᠥᠷᠪᠡ ᠳᠤ᠂ | ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠲᠠᠰᠤᠷᠠᠯᠲᠠ ᠥᠬᠡᠶ ᠴᠢᠩᠭᠠᠣᠡᠬᠠᠪᠠ᠃ | 2012 ᠣᠨ ᠠᠴᠠ ᠨᠠᠭᠠᠰᠢᠬᠢ ᠡᠯ᠎ᠡ ᠲᠦᠷᠦᠯ ᠤᠨ ᠶᠠᠳᠠᠭᠤ ᠶᠢ ᠲᠡᠳᠬᠦᠬᠦ ᠪᠡᠯᠡ ᠮᠥᠩᠭᠦ ᠪᠠᠷ ᠪᠦᠷᠢᠯᠳᠦᠭᠰᠡᠨ ᠡᠳ᠋ | ᠬᠦᠷᠦᠩᠭᠡ ᠶᠢ ᠪᠦᠬᠦ ᠲᠠᠯ᠎ᠠ ᠪᠠᠷ ᠡᠮᠬᠢᠯᠡᠨ ᠲᠢᠭᠯᠡᠪᠡ᠃ ᠣᠲᠣ ᠪᠣᠯᠲᠠᠯ᠎ᠠ᠂ ᠪᠥᠬᠦ ᠬᠤᠰᠢᠭᠤᠨ ᠤ 2012 — | 2020 ᠣᠨ ᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠬᠤ | ᠪᠣᠯᠣᠨ ᠳᠡᠩᠰᠡᠯᠡᠵᠦ ᠲᠠᠩᠰᠠᠨ ᠳᠤ ᠣᠷᠣᠭᠤᠯᠬᠤ ᠠᠵᠢᠯ ᠢ ᠨᠢᠭᠡᠨᠲᠡ ᠦᠨᠳᠦᠰᠦᠨ ᠳᠡᠭᠡᠨ ᠳᠠᠭᠤᠰᠬᠠᠵᠤ᠂ ᠠᠩᠬ᠎ᠠ | ᠠᠯᠬᠤᠮ ᠤᠨ ᠪᠦᠷᠢᠳᠬᠡᠯ ᠢᠶᠠᠷ ᠳᠡᠮᠵᠢᠨ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢ 17.21 | ᠳ᠋ᠦᠩᠰᠢᠭᠤᠷ ᠲᠥᠭᠦᠷᠢᠭ ᠪᠣᠶ ᠪᠣᠯᠭᠠᠪᠠ᠃ ᠲᠠᠪᠤ ᠳᠤ᠂ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠰᠢᠰᠲ᠋ᠧᠮ ᠲᠠᠢ ᠰᠦᠪᠡᠭᠴᠢᠯᠡᠪᠡ᠃ ᠮᠠᠯᠵᠢᠬᠤ | ᠲᠠᠷᠢᠶᠠᠯᠠᠬᠤ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠨᠢᠭᠡ ᠴᠤᠭᠴᠠᠵᠢᠭᠤᠯᠬᠤ ᠲᠥᠷᠥᠯ ᠵᠦᠢᠯ ᠢ | ᠲᠥᠯᠥᠪᠵᠢᠭᠦᠯᠦᠨ ᠬᠡᠷᠡᠭᠵᠢᠭᠦᠯᠵᠦ᠂ ᠵᠠᠰᠠᠭ ᠤᠨ ᠣᠷᠳᠣᠨ ᠠᠴᠠ ᠬᠠᠮᠢᠶᠠᠷᠬᠤ᠂ ᠵᠠᠬ᠎ᠠ ᠳᠡᠯᠭᠡᠭᠦᠷᠴᠢᠯᠡᠨ | ᠠᠵᠢᠯᠯᠠᠭᠤᠯᠬᠤ ᠠᠵᠢᠯᠯᠠᠭᠠᠨ ᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠣᠳᠣᠬᠠᠨ ᠳᠤ ᠪᠣᠳᠠᠲᠠᠶ | ᠬᠡᠷᠡᠭᠵᠢᠭᠦᠯᠬᠦ ᠲᠥᠰᠦᠯ ᠢ ᠨᠢᠭᠡᠨᠲᠡ ᠲᠣᠭᠲᠠᠭᠠᠪᠠ᠃ 4563.37 ᠲᠦᠮᠡᠨ ᠲᠥᠭᠦᠷᠢᠭ ᠤᠨ ᠪᠠᠯᠠ ᠮᠥᠩᠭᠦ | ᠣᠷᠣᠭᠤᠯᠬᠤ ᠪᠠᠷ ᠲᠦᠯᠣᠪᠯᠡᠵᠣ᠂ ᠬᠤᠭ ᠨᠣᠪᠰᠢ ᠶᠢ ᠲᠥᠷᠥᠯ ᠬᠤᠪᠢᠶᠠᠬᠤ ᠦᠢᠯᠡᠣᠡᠪᠣᠷᠢ ᠪᠠᠶᠢᠭᠤᠯᠬᠤ᠂ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠬᠤᠳᠠᠯᠳᠤᠨ ᠠᠪᠴᠤ ᠪᠥᠲᠥᠭᠡᠨ ᠪᠠᠶᠢᠭᠤᠯᠬᠤ ᠵᠡᠷᠭᠡ ᠪᠠᠷ | ᠲᠠᠮᠵᠢᠭᠤᠯᠣᠨ᠂ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠬᠦᠮᠣᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠳᠤ ᠪᠠᠲᠤᠯᠠᠭ᠎ᠠ ᠬᠠᠨᠭ᠍ᠭᠠᠬᠤ ᠪᠠᠷ ᠪᠠᠶᠢᠨ᠎ᠠ᠃ | |