ᠨᠢᠭᠡ᠂ ᠪᠠᠯᠠ ᠮᠥᠩᠭᠦ ᠲᠠᠷᠬᠠᠭᠠᠬᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ | ︵ᠨᠢᠭᠡ︶ ᠬᠡᠯᠲᠡᠰ ᠲᠠᠰᠤᠭ ᠤᠨ ᠬᠤᠭᠤᠷᠣᠨᠳᠣᠬᠢ ᠵᠣᠬᠢᠴᠠᠭᠤᠯᠬᠤ ᠡᠷᠴᠢᠮ ᠢ ᠴᠢᠩᠭᠠᠷᠠᠭᠤᠯᠪᠠ᠃ ᠮᠠᠯᠴᠢᠨ | ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢᠨ ᠪᠠᠯᠠ ᠮᠥᠩᠭᠦ ᠶᠢᠨ ᠬᠠᠮᠢᠶᠠᠷᠤᠯᠲᠠ ᠶᠢᠨ ᠲᠠᠯ᠎ᠠ ᠪᠠᠷ ᠬᠢ ᠡᠯ᠎ᠡ | ᠬᠡᠯᠲᠡᠰ ᠲᠠᠰᠤᠭ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠰᠠᠯᠠᠭ᠎ᠠ ᠮᠥᠴᠢᠷ ᠤᠨ | ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠷᠠᠭᠤᠯᠤᠨ᠂ ᠡᠯ᠎ᠡ ᠬᠡᠯᠲᠡᠰ ᠲᠠᠰᠤᠭ ᠤᠨ ᠪᠠᠯᠠ ᠮᠥᠩᠭᠦ ᠶᠢᠨ | ᠬᠠᠮᠢᠶᠠᠷᠤᠯᠲᠠ ᠪᠠ ᠲᠠᠷᠬᠠᠭᠠᠯᠲᠠ ᠶᠢᠨ ᠲᠠᠯ᠎ᠠ ᠪᠠᠷ ᠬᠢ ᠣᠷᠭᠠᠨᠢᠭ ᠢᠶᠠᠷ ᠵᠣᠯᠭᠠᠭᠤᠯᠬᠤ ᠶᠢ ᠪᠡᠶᠡᠯᠡᠭᠦᠯᠵᠦ᠂ ᠠᠵᠢᠯ ᠤᠨ | ᠬᠠᠮᠲᠤᠷᠠᠨ ᠬᠥᠳᠡᠯᠦᠯᠴᠡᠬᠦ ᠡᠷᠴᠢᠮ ᠢ ᠴᠢᠩᠭᠠᠷᠠᠭᠤᠯᠪᠠ᠃ | ︵ᠬᠤᠶᠠᠷ︶ ᠲᠤᠰᠬᠠᠶ ᠬᠥᠮᠦᠨ ᠢ ᠲᠣᠳᠣᠷᠬᠠᠶᠢᠯᠠᠵᠤ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠴᠠᠭ | ᠲᠤᠬᠠᠶ ᠳᠤᠨᠢ ᠲᠡᠭᠦᠯᠳᠡᠷᠵᠢᠭᠦᠯᠪᠡ᠃ ᠲᠠᠷᠢᠶᠠᠴᠢᠨ ᠡᠷᠦᠬᠡ ᠶᠢᠨ ᠰᠠᠭᠤᠷᠢ ᠮᠡᠳᠡᠭᠡ ᠵᠠᠩᠭᠢ ᠶᠢ ᠴᠤᠭᠯᠠᠭᠤᠯᠬᠤ ᠪᠠ | ᠣᠷᠣᠭᠤᠯᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠮᠡᠳᠡᠭᠡ ᠵᠠᠩᠭᠢ ᠶᠢᠨ ᠵᠥᠪ ᠣᠨᠣᠪᠴᠢᠲᠠᠶ ᠪᠠᠶᠢᠬᠤ ᠶᠢ ᠦᠨᠡᠨᠬᠦ | ᠪᠠᠲᠤᠯᠠᠵᠤ᠂ ︽ᠪᠦᠬᠦᠨ ᠳᠤ ᠳᠣᠭᠢᠷᠠᠬᠤ ᠺᠠᠷᠲ︾ ᠤᠨ ᠲᠠᠷᠬᠠᠭᠠᠬᠤ ᠨᠣᠷᠮ᠎ᠠ ᠪᠠ ᠣᠨᠣᠪᠴᠢ ᠶᠢᠨ ᠨᠣᠷᠮ᠎ᠠ ᠶᠢ | ᠳᠡᠭᠡᠭᠰᠢᠯᠡᠭᠦᠯᠦᠨ᠂ ︽ᠪᠦᠬᠦᠨ ᠳᠤ ᠳᠣᠭᠢᠷᠠᠬᠤ ᠺᠠᠷᠲ︾ ᠤᠨ ᠲᠠᠷᠬᠠᠭᠠᠬᠤ ᠠᠵᠢᠯ ᠢ ᠪᠥᠬᠦ ᠲᠠᠯ᠎ᠠ ᠪᠠᠷ ᠳᠥᠯᠭᠢᠨ | ᠠᠬᠢᠭᠤᠯᠪᠠ᠃ | ︵ᠭᠤᠷᠪᠠ︶ ︽ᠪᠦᠬᠦᠨ ᠳᠤ ᠳᠣᠭᠢᠷᠠᠬᠤ ᠺᠠᠷᠲ︾ ᠤᠨ ᠨᠥᠬᠦᠪᠥᠷᠢ ᠮᠥᠩᠭᠦ ᠶᠢ ᠪᠦᠲᠦᠮᠵᠢᠲᠡᠶ ᠪᠠᠷ | ᠰᠢᠯᠵᠢᠭᠦᠯᠦᠨ ᠥᠭᠪᠡ᠃ ᠠᠰᠠᠷᠠᠨ ᠬᠠᠷᠠᠭᠠᠯᠵᠠᠬᠤ ᠨᠥᠬᠦᠪᠥᠷᠢ᠂ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ᠂ ᠬᠤᠲᠠ ᠪᠠᠯᠭᠠᠰᠤ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ | ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ ᠪᠡᠯᠡᠨ ᠵᠣᠭᠤᠰ ᠤᠨ ᠨᠥᠬᠦᠪᠥᠷᠢ᠂ ᠲᠠᠷᠢᠶᠠᠯᠠᠬᠤ ᠶᠢ | ᠵᠣᠭᠰᠣᠭᠠᠵᠤ ᠣᠶ ᠰᠢᠭᠤᠶ ᠶᠢ ᠰᠡᠷᠭᠦᠭᠡᠬᠦ ᠠᠮᠤ ᠪᠤᠳᠠᠭ᠎ᠠ ᠶᠢ ᠪᠡᠯᠡᠨ ᠵᠣᠭᠤᠰ ᠢᠶᠠᠷ ᠨᠤᠭᠤᠯᠤᠨ ᠪᠤᠳᠤᠬᠤ ᠨᠥᠬᠦᠪᠥᠷᠢ᠂ | ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ | ᠱᠠᠩᠨᠠᠯ ᠤᠨ ᠨᠥᠬᠦᠪᠥᠷᠢ ᠵᠡᠷᠭᠡ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ 60 ᠵᠦᠢᠯ ᠤᠨ ᠨᠥᠬᠦᠪᠥᠷᠢ ᠶᠢᠨ | ᠪᠠᠯᠠ ᠮᠥᠩᠭᠦ ᠶᠢ ᠠᠮᠤᠷ ᠲᠦᠪᠰᠢᠨ᠂ ᠴᠠᠭ ᠲᠤᠬᠠᠶ ᠳᠤᠨᠢ᠂ ᠲᠤᠭ᠎ᠠ ᠶᠣᠰᠣᠭᠠᠷ ᠣᠯᠭᠤᠬᠤ ᠶᠢ ᠪᠥᠬᠦ | ᠬᠦᠴᠦᠨ ᠢᠶᠠᠷ ᠢᠶᠠᠨ ᠪᠠᠲᠤᠯᠠᠪᠠ᠃ | ᠬᠤᠶᠠᠷ᠂ ᠪᠠᠯᠠ ᠮᠥᠩᠭᠦ ᠲᠠᠷᠬᠠᠭᠠᠭᠰᠠᠨ ᠪᠠᠶᠢᠳᠠᠯ | 11 ᠰᠠᠷ᠎ᠠ ᠪᠣᠯᠲᠠᠯ᠎ᠠ᠂ ︽ᠪᠦᠬᠦᠨ ᠳᠤ ᠳᠤᠬᠢᠷᠠᠬᠤ ᠺᠠᠷᠲ︾ ᠢᠶᠠᠷ ᠳᠠᠮᠵᠢᠭᠤᠯᠤᠨ ᠮᠠᠯᠴᠢᠨ | ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢᠨ ᠪᠡᠯᠡ ᠮᠥᠩᠭᠦ ᠶᠢ 61,655.9 ᠲᠦᠮᠡᠨ ᠲᠥᠭᠦᠷᠢᠭ | ᠲᠠᠷᠬᠠᠭᠠᠵᠤ᠂ ᠠᠰᠢᠭ ᠬᠦᠷᠳᠡᠭᠰᠡᠡ ᠤᠯᠠᠨ ᠲᠦᠮᠡᠨ ᠪᠠᠷᠤᠭ 65.8 ᠲᠦᠮᠡᠨ ᠬᠥᠮᠦᠨ ᠤᠳᠠᠭ᠎ᠠ ᠳᠤ ᠬᠦᠷᠴᠡᠢ᠃ | ᠠᠳᠠᠯᠢ ᠪᠤᠰᠤ ᠲᠦᠷᠦᠯ ᠵᠦᠢᠯ ᠢᠶᠠᠷ᠄ ᠲᠠᠷᠢᠶᠠᠯᠠᠩ ᠤᠨ ᠲᠦᠷᠦᠯ ᠤᠨ ᠨᠥᠬᠦᠪᠥᠷᠢ 25,416.9 ᠲᠦᠮᠡᠨ | ᠲᠥᠭᠦᠷᠢᠭ᠂ ᠮᠠᠯ ᠠᠵᠤ ᠠᠬᠤᠶ ᠶᠢᠨ ᠲᠦᠷᠦᠯ ᠤᠨ ᠨᠥᠬᠦᠪᠥᠷᠢ 2,224.7 ᠲᠦᠮᠡᠨ ᠲᠥᠭᠦᠷᠢᠭ᠂ ᠤᠢ | ᠰᠢᠭᠤᠶ ᠶᠢᠨ ᠲᠦᠷᠦᠯ ᠤᠨ ᠨᠥᠬᠦᠪᠥᠷᠢ 14,039.4 ᠲᠦᠮᠡᠨ ᠲᠥᠭᠦᠷᠢᠭ᠂ ᠠᠷᠠᠯᠵᠢᠶ᠎ᠠ ᠬᠤᠳᠠᠯᠳᠤᠭ᠎ᠠ | ᠭᠦᠢᠯᠭᠡᠭᠡᠨ ᠤ ᠨᠥᠬᠦᠪᠥᠷᠢ 856.15 ᠲᠦᠮᠡᠨ ᠲᠥᠭᠦᠷᠢᠭ᠂ ᠰᠤᠷᠭᠠᠨ ᠬᠥᠮᠦᠵᠢᠯ ᠤᠨ ᠲᠦᠷᠦᠯ ᠤᠨ ᠨᠥᠬᠦᠪᠥᠷᠢ | 11.7 ᠲᠦᠮᠡᠨ ᠲᠥᠭᠦᠷᠢᠭ᠂ ᠡᠷᠡᠭᠦᠯ ᠬᠠᠮᠠᠭᠠᠯᠠᠯ ᠤᠨ ᠲᠦᠷᠦᠯ ᠤᠨ ᠨᠥᠬᠦᠪᠥᠷᠢ 674.45 ᠲᠦᠮᠡᠨ ᠲᠥᠭᠦᠷᠢᠭ᠂ | ᠲᠥᠯᠥᠪᠯᠡᠭᠡᠲᠦ ᠦᠷᠡᠵᠢᠯ ᠤᠨ ᠨᠥᠬᠦᠪᠥᠷᠢ 2,065.2 ᠲᠦᠮᠡᠨ ᠲᠥᠭᠦᠷᠢᠭ᠂ ᠪᠦᠳᠦᠬᠡᠨ ᠪᠠᠶᠢᠭᠤᠯᠤᠯᠲᠠ ᠶᠢᠨ | ᠲᠦᠷᠦᠯ ᠤᠨ ᠨᠥᠬᠦᠪᠥᠷᠢ 41.96 ᠲᠦᠮᠡᠨ ᠲᠥᠭᠦᠷᠢᠭ᠂ ᠨᠡᠶᠢᠭᠡᠮ ᠤᠨ ᠪᠠᠲᠤᠯᠠᠭ᠎ᠠ ᠶᠢᠨ ᠲᠦᠷᠦᠯ ᠤᠨ ᠨᠥᠬᠦᠪᠥᠷᠢ | 15,476 ᠲᠦᠮᠡᠨ ᠲᠦᠭᠦᠷᠢᠭ᠂ ᠴᠠᠯᠢᠩ ᠤᠨ ᠨᠥᠬᠦᠪᠥᠷᠢ ᠶᠢᠨ ᠲᠦᠷᠦᠯ ᠤᠨ ᠨᠥᠬᠦᠪᠥᠷᠢ 849.28 ᠲᠦᠮᠡᠨ | ᠲᠥᠭᠦᠷᠢᠭ ᠪᠣᠯᠤᠨ᠎ᠠ᠃ | | |