| | 11 ᠰᠠᠷ᠎ᠠ ᠶᠢᠨ 22 — 26 ᠤ ᠡᠳᠦᠷ ᠪᠤᠯᠳᠠᠯ᠎ᠠ᠂ ᠬᠤᠰᠢᠭᠤᠨ ᠠᠷᠠᠳ ᠤᠨ ᠲᠦᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠶᠢᠨ ᠵᠢᠱᠢᠭᠳᠡᠭᠴᠢ ᠶᠠᠩ ᠾᠦᠢ ᠶᠠᠨ᠂ | ᠬᠤᠰᠢᠭᠤᠨ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ | ᠴᠢᠨ ᠶᠤᠸᠠᠢ ᠭᠥᠸᠧ ᠪᠠᠶᠢᠴᠠᠭᠠᠬᠤ ᠪᠦᠯᠬᠦᠮ ᠳᠠᠭᠠᠭᠤᠯᠤᠨ 2021 — 2022 ᠤᠨ ᠤ ᠰᠤᠮᠤ ᠰᠢᠶᠠᠩ | ᠪᠠᠯᠭᠠᠰᠤ ᠶᠢᠨ ᠱᠠᠳᠤᠨ ᠤ ᠠᠷᠠᠳ ᠤᠨ ᠠᠮᠢᠳᠤᠷᠠᠯ ᠤᠨ ᠪᠤᠳᠠᠳᠣ ᠶᠠᠪᠤᠳᠠᠯ ᠤᠨ ᠲᠦᠷᠦᠯ ᠵᠤᠶᠢᠯ ᠤᠨ ᠠᠵᠢᠯ ᠢ | ᠪᠠᠶᠢᠴᠠᠭᠠᠨ ᠰᠤᠳᠤᠯᠵᠦ ᠵᠢᠭᠠᠨ ᠵᠢᠯᠤᠭᠤᠳᠤᠯᠭ᠎ᠠ ᠦᠭᠴᠠᠢ᠃ | | | | ᠪᠠᠶᠢᠴᠠᠭᠠᠨ ᠰᠤᠳᠤᠯᠬᠤ ᠲᠤᠭᠤᠶᠢᠯᠠᠩ ᠡᠩ ᠲᠡᠷᠢᠬᠦᠨ ᠳᠤ 2021 ᠤᠨ ᠤ ᠭᠡᠰᠡᠭ ᠰᠤᠮᠤ ᠰᠢᠶᠠᠩ | ᠪᠠᠯᠭᠠᠰᠤ ᠶᠢᠨ ᠱᠠᠳᠤᠨ ᠤ ᠠᠷᠠᠳ ᠤᠨ ᠠᠮᠢᠳᠤᠷᠠᠯ ᠤᠨ ᠪᠤᠳᠠᠳᠣ ᠶᠠᠪᠤᠳᠠᠯ ᠤᠨ ᠲᠦᠷᠦᠯ ᠵᠤᠶᠢᠯ ᠤᠨ ᠪᠠᠷᠢᠯᠭ᠎ᠠ ᠶᠢᠨ | ᠭᠠᠵᠠᠷ ᠲᠤ ᠬᠦᠷᠴᠦ ᠲᠤᠬᠠᠢ ᠶᠢᠨ ᠭᠠᠵᠠᠷ ᠲᠤ ᠨᠢ ᠪᠠᠶᠢᠴᠠᠭᠠᠨ ᠰᠤᠳᠤᠯᠤᠯᠳᠠ ᠬᠢᠵᠦ᠂ ᠳᠠᠷᠠᠭ᠎ᠠ ᠨᠢ 2022 ᠤᠨ | ᠤ ᠠᠷᠠᠳ ᠤᠨ ᠠᠮᠢᠳᠤᠷᠠᠯ ᠤᠨ ᠪᠤᠳᠠᠳᠣ ᠶᠠᠪᠤᠳᠠᠯ ᠤᠨ ᠲᠦᠷᠦᠯ ᠵᠤᠶᠢᠯ ᠤᠨ ᠠᠵᠢᠯ ᠤᠨ ᠬᠠᠮᠢᠶ᠎ᠠ ᠪᠦᠬᠦᠢ ᠳᠠᠩᠰᠠ | ᠡᠪᠭᠡᠮᠡᠯ ᠢ ᠪᠠᠶᠢᠴᠠᠭᠠᠨ ᠦᠵᠡᠵᠦ᠂ 2022 ᠤᠨ ᠤ ᠠᠷᠠᠳ ᠤᠨ ᠠᠮᠢᠳᠤᠷᠠᠯ ᠤᠨ ᠪᠤᠳᠠᠳᠣ ᠶᠠᠪᠤᠳᠠᠯ ᠤᠨ ᠲᠦᠷᠦᠯ | ᠵᠤᠶᠢᠯ ᠤᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠬᠦᠯᠥᠯᠳᠡ ᠶᠢ ᠰᠤᠨᠤᠰᠤᠨ᠂ ᠡᠯ᠎ᠡ ᠰᠤᠮᠤ ᠰᠢᠶᠠᠩ | ᠪᠠᠯᠭᠠᠰᠤ ᠶᠢᠨ ᠭᠤᠤᠯ ᠬᠠᠷᠢᠭᠤᠴᠠᠯᠭᠠᠳᠠᠨ ᠲᠠᠢ ᠠᠷᠠᠳ ᠤᠨ ᠠᠮᠢᠳᠤᠷᠠᠯ ᠤᠨ ᠪᠤᠳᠠᠳᠣ ᠶᠠᠪᠤᠳᠠᠯ ᠤᠨ ᠲᠦᠷᠦᠯ ᠵᠤᠶᠢᠯ | ᠤᠨ ᠠᠵᠢᠯ ᠢ ᠭᠡᠷᠬᠢᠨ ᠦᠷᠨᠢᠬᠦᠯᠬᠦ ᠲᠤᠬᠠᠢ ᠰᠠᠶᠢᠳᠤᠷ ᠶᠠᠷᠢᠯᠴᠠᠪᠠ᠃ | | | | ᠪᠠᠶᠢᠴᠠᠭᠠᠨ ᠰᠤᠳᠤᠯᠬᠤ ᠲᠤᠭᠤᠶᠢᠯᠠᠩ ᠠᠴᠠ ᠠᠷᠠᠳ ᠤᠨ ᠠᠮᠢᠳᠤᠷᠠᠯ ᠤᠨ ᠪᠤᠳᠠᠳᠣ ᠶᠠᠪᠤᠳᠠᠯ ᠤᠨ ᠲᠦᠷᠦᠯ | ᠵᠤᠶᠢᠯ ᠤᠨ ᠪᠦᠳᠦᠭᠡᠨ ᠪᠠᠶᠢᠭᠤᠯᠤᠯᠳᠠ ᠨᠢ ᠠᠷᠠᠳ ᠢᠷᠭᠡᠳ ᠤᠨ ᠵᠤᠯ ᠵᠢᠷᠭᠠᠯ ᠲᠠᠢ ᠬᠤᠯᠪᠤᠬᠳᠠᠨ᠂ ᠲᠦᠭ ᠲᠦᠮᠡᠨ | ᠠᠶᠢᠯ ᠡᠷᠦᠭᠡ ᠶᠢᠨ ᠠᠰᠢᠭ ᠲᠤᠰᠠ ᠲᠠᠢ ᠬᠤᠯᠪᠤᠬᠳᠠᠵᠦ ᠪᠠᠶᠢᠳᠠᠭ᠂ ︽ᠠᠷᠠᠳ ᠲᠦᠮᠡᠨ ᠢᠶᠠᠷ ᠭᠤᠤᠯ ᠪᠤᠯᠭᠠᠬᠤ︾ | ᠦᠵᠡᠯ ᠰᠠᠨᠠᠭ᠎ᠠ ᠶᠢ ᠪᠠᠷᠢᠮᠳᠠᠯᠠᠨ ᠠᠷᠠᠳ ᠤᠨ ᠰᠡᠳᠬᠢᠯ ᠢ ᠤᠶᠢᠯᠠᠭᠠᠨ ᠠᠷᠠᠳ ᠤᠨ ᠳᠠᠭᠤᠨ ᠢ ᠰᠤᠨᠤᠰᠴᠦ᠂ ᠠᠷᠠᠳ | ᠢᠷᠭᠡᠳ ᠲᠤ ᠲᠠᠪᠴᠠᠩ ᠬᠠᠩᠭᠠᠨ ︽ᠠᠷᠠᠳ ᠲᠤ ᠡᠵᠡᠨ ᠮᠡᠳᠡᠬᠦ︾ ᠶᠢ ︽ᠠᠷᠠᠳ ᠠᠴᠠ ᠡᠵᠡᠨ ᠮᠡᠳᠡᠬᠦ︾ ᠪᠤᠯᠭᠠᠨ | ᠬᠤᠪᠢᠷᠠᠭᠤᠯᠬᠤ ᠭᠡᠷᠡᠭᠳᠡᠢ︔ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠦᠷᠦᠯ ᠵᠤᠶᠢᠯ ᠢ ᠴᠤᠬᠯᠠᠭᠤᠯᠬᠤ | ᠡᠷᠴᠢᠮ ᠢᠶᠠᠨ ᠴᠢᠩᠭᠠᠷᠠᠭᠤᠯᠵᠦ᠂ ᠴᠤᠬᠯᠠᠭᠤᠯᠬᠤ ᠬᠦᠷᠢᠶ᠎ᠡ ᠭᠡᠪᠴᠢᠶ᠎ᠠ ᠪᠠᠨ ᠦᠷᠭᠡᠳᠭᠡᠨ᠂ ᠴᠤᠬᠯᠠᠭᠤᠯᠬᠤ ᠰᠠᠭᠤᠷᠢ | ᠲᠤᠭ᠎ᠠ ᠶᠢ ᠨᠡᠮᠡᠭᠳᠡᠬᠦᠯᠵᠦ᠂ ᠠᠷᠠᠳ ᠤᠯᠠᠨ ᠯᠤᠭ᠎ᠠ ᠶᠢᠨ ᠨᠡᠪᠳᠡᠷᠡᠯᠴᠡᠭᠡ ᠪᠠᠨ ᠴᠢᠩᠭᠠᠳᠬᠠᠨ᠂ ᠠᠷᠠᠳ ᠲᠦᠮᠡᠨ ᠢᠶᠠᠷ | ᠦᠨᠡᠨᠬᠦ ᠶᠡᠷᠢᠭᠤᠯᠬᠤ ᠭᠡᠷᠡᠭᠳᠡᠢ︔ ᠠᠷᠠᠳ ᠤᠨ ᠠᠮᠢᠳᠤᠷᠠᠯ ᠤᠨ ᠪᠤᠳᠠᠳᠣ ᠶᠠᠪᠤᠳᠠᠯ ᠤᠨ ᠲᠦᠷᠦᠯ ᠵᠤᠶᠢᠯ ᠢ ᠰᠠᠶᠢᠨ | ᠡᠬᠢᠯᠡᠯᠳᠡ ᠲᠠᠢ᠂ ᠦᠨᠳᠦᠷ ᠪᠠᠷᠢᠮᠵᠢᠶ᠎ᠡ ᠪᠠᠷ ᠲᠦᠯᠬᠢᠨ ᠠᠬᠢᠭᠤᠯᠬᠤ ᠶᠢ ᠪᠠᠷᠢᠮᠳᠠᠯᠠᠨ᠂ ᠠᠵᠢᠯ ᠤᠨ ᠠᠯᠬᠤᠮ ᠳᠠᠷᠠᠭ᠎ᠠ | ᠶᠢ ᠴᠢᠬᠤᠯᠠᠴᠢᠯᠠᠵᠦ᠂ ᠲᠦᠷᠦᠯ ᠵᠤᠶᠢᠯ ᠤᠨ ᠭᠡᠷᠡᠭᠵᠢᠬᠦᠯᠬᠦ ᠲᠦᠰᠦᠯ ᠪᠠ ᠪᠠᠷᠢᠮᠵᠢᠶ᠎ᠡ ᠶᠢ ᠳᠤᠳᠤᠷᠬᠠᠶᠢᠯᠠᠨ | ᠬᠠᠮᠵᠢᠯᠴᠠᠭ᠎ᠠ ᠪᠠᠨ ᠴᠢᠩᠭᠠᠳᠬᠠᠵᠦ᠂ ᠲᠦᠷᠦᠯ ᠵᠤᠶᠢᠯ ᠢ ᠴᠠᠭ ᠬᠤᠭᠤᠴᠠᠭ᠎ᠠ ᠳᠤᠨᠢ ᠲᠤᠭ᠎ᠠ ᠶᠤᠰᠤᠭᠠᠷ ᠠᠰᠢᠬᠯᠠᠯᠳᠠ | ᠳᠤ ᠤᠷᠤᠭᠤᠯᠬᠤ ᠶᠢ ᠪᠠᠳᠤᠯᠠᠬᠤ ᠭᠡᠷᠡᠭᠳᠡᠢ︔ ᠤᠷᠳᠤ ᠬᠤᠭᠤᠴᠠᠭᠠᠨ ᠤ ᠪᠦᠳᠦᠮᠵᠢᠳᠦ ᠲᠤᠬᠳᠠᠴᠠ ᠶᠢ ᠪᠠᠶᠢᠭᠤᠯᠤᠨ᠂ | ᠭᠡᠷᠡᠭᠯᠡᠯᠳᠡ ᠪᠠ ᠬᠠᠮᠢᠶᠠᠷᠤᠯᠳᠠ ᠶᠢᠨ ᠰᠢᠰᠲ᠋ᠧᠮ ᠢ ᠵᠢᠷᠤᠮᠵᠢᠬᠦᠯᠵᠦ᠂ ᠬᠠᠷᠢᠭᠤᠴᠠᠯᠭ᠎ᠠ ᠶᠢᠨ ᠭᠤᠤᠯ ᠴᠤᠬᠴᠠ ᠶᠢ | ᠳᠤᠳᠤᠷᠬᠠᠶᠢᠯᠠᠨ᠂ ᠠᠷᠠᠳ ᠤᠨ ᠠᠮᠢᠳᠤᠷᠠᠯ ᠤᠨ ᠪᠤᠳᠠᠳᠣ ᠶᠠᠪᠤᠳᠠᠯ ᠤᠨ ᠲᠦᠷᠦᠯ ᠵᠤᠶᠢᠯ ᠤᠨ ᠤᠷᠳᠤ ᠬᠤᠭᠤᠴᠠᠭ᠎ᠠ | ᠪᠠᠷ ᠭᠡᠷᠡᠭᠯᠡᠭᠳᠡᠬᠦ ᠶᠢ ᠦᠨᠡᠨᠬᠦ ᠪᠠᠳᠤᠯᠠᠬᠤ ᠭᠡᠷᠡᠭᠳᠡᠢ ᠭᠡᠵᠦ ᠴᠢᠩᠭᠠᠳᠬᠠᠵᠠᠢ᠃ ︵ᠦ᠋ ᠬᠠᠢ ᠰᠢᠦᠢ︶ | | |