ᠪᠦᠬᠦ ᠬᠤᠰᠢᠭᠤᠨ ᠤ ᠠᠶᠤᠯᠬᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠯᠳᠡ ᠶᠢᠨ ᠭᠤᠷᠪᠠᠨ ᠵᠢᠯ ᠤᠨ ᠠᠵᠢᠯᠯᠠᠭᠠᠨ ᠤ ᠨᠠᠶᠢᠳᠠᠪᠤᠷᠢᠵᠢᠭᠤᠯᠤᠯᠳᠠ ᠶᠢᠨ ᠪᠠᠶᠢᠳᠠᠯ ᠳᠤ ᠬᠠᠷᠢᠭᠤ ᠮᠡᠳᠡᠬᠦᠯᠥᠯᠳᠡ ᠬᠢᠭᠰᠡᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/11/29
       11 ᠰᠠᠷ᠎ᠠ ᠶᠢᠨ 25 ᠤ ᠡᠳᠦᠷ᠂ ᠮᠠᠨ ᠤ ᠬᠤᠰᠢᠭᠤ ᠪᠦᠬᠦ ᠬᠤᠰᠢᠭᠤᠨ ᠤ ᠠᠶᠤᠯᠬᠦᠢ ᠦᠢᠯᠡᠳᠪᠦᠷᠢᠯᠡᠯ  ᠤᠨ ᠲᠤᠰᠬᠠᠢ ᠲᠦᠷᠦᠯ ᠤᠨ ᠴᠡᠭᠴᠡᠯᠡᠯᠳᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠨᠠᠶᠢᠳᠠᠪᠤᠷᠢᠵᠢᠭᠤᠯᠤᠬᠰᠠᠨ ᠪᠠᠶᠢᠳᠠᠯ ᠳᠤ ᠬᠠᠷᠢᠭᠤ ᠮᠡᠳᠡᠬᠦᠯᠥᠯᠳᠡ ᠬᠢᠭᠰᠡᠨ ᠬᠤᠷᠠᠯ ᠬᠤᠷᠠᠯᠳᠤᠵᠦ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠪᠠᠶᠢᠩᠭᠤ ᠶᠢᠨ ᠬᠤᠰᠢᠭᠤᠨ ᠳᠡᠳ᠋ ᠳᠠᠷᠤᠭ᠎ᠠ ᠫᠧᠢ ᠬᠤᠸᠠᠨ ᠪᠢᠨ ᠬᠤᠷᠠᠯ ᠳᠤ ᠤᠷᠤᠯᠴᠠᠵᠡᠢ᠃
       ᠬᠤᠷᠠᠯ ᠳᠡᠭᠡᠷ᠎ᠡ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠲᠤᠪᠴᠢᠶ᠎ᠠ᠂ ᠭᠠᠯ ᠤᠨᠳᠠᠷᠠᠭᠠᠬᠤ ᠠᠪᠤᠷᠠᠨ ᠲᠤᠰᠠᠯᠠᠯᠳᠠ ᠶᠢᠨ ᠶᠡᠭᠡ ᠠᠩᠬᠢ᠂ ᠵᠠᠮ ᠬᠠᠷᠢᠯᠴᠠᠭᠠᠨ ᠤ ᠲᠤᠪᠴᠢᠶ᠎ᠠ᠂ ᠵᠠᠮ ᠬᠠᠷᠢᠯᠴᠠᠭᠠᠨ ᠤ ᠴᠠᠬᠳᠠᠭ᠎ᠠ  ᠶᠢᠨ ᠶᠡᠭᠡ ᠠᠩᠬᠢ᠂ ᠴᠢᠪᠠᠭ᠎ᠠ ᠦᠷᠳᠡᠭᠡ᠂ ᠠᠷᠤ ᠬᠤᠷᠴᠢᠨ ᠬᠤᠰᠢᠭᠤᠨ ᠤ ᠨᠢᠰᠭᠡᠯ ᠤᠨ ᠪᠠᠭᠤᠳᠠᠯ᠂ ᠠᠷᠤ ᠬᠤᠷᠴᠢᠨ ᠬᠤᠰᠢᠭᠤᠨ ᠤ ᠰᠢᠤᠳᠠᠨ ᠤ ᠬᠤᠪᠢᠶᠠᠷᠢ ᠺᠤᠮᠫᠠᠨᠢ᠂ ᠲᠠᠷᠢᠶᠠᠯᠠᠩ ᠮᠠᠯ ᠠᠵᠦ ᠠᠬᠤᠢ ᠶᠢᠨ ᠲᠤᠪᠴᠢᠶ᠎ᠠ᠂ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠲᠤᠪᠴᠢᠶ᠎ᠠ᠂ ᠬᠤᠳᠠ ᠶᠢᠨ ᠬᠠᠮᠢᠶᠠᠷᠤᠯᠳᠠ ᠶᠢᠨ ᠲᠤᠪᠴᠢᠶ᠎ᠠ᠂ ᠬᠦᠷᠢᠶᠡᠯᠡᠩ ᠲᠤᠭᠤᠷᠢᠭ ᠤᠨ ᠠᠯᠪᠠᠨ ᠭᠡᠷ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠤᠪᠴᠢᠶ᠎ᠠ ᠵᠡᠷᠭᠡ 12 ᠲᠤᠰᠬᠠᠢ ᠲᠦᠷᠦᠯ ᠤᠨ ᠲᠤᠯᠤᠭᠠᠶᠢᠯᠠᠬᠴᠢ ᠰᠠᠯᠠᠭ᠎ᠠ ᠮᠦᠴᠢᠷ ︵ᠪᠠᠶᠢᠭᠤᠯᠭ᠎ᠠ ᠨᠢᠭᠡᠴᠡ︶ ᠤᠨ ᠬᠠᠷᠢᠭᠤᠴᠠᠯᠭᠠᠳᠠᠨ ᠠᠴᠠ ᠡᠯ᠎ᠡ ᠲᠤᠰᠬᠠᠢ ᠲᠦᠷᠦᠯ ᠤᠨ ᠠᠵᠢᠯᠯᠠᠭᠠᠨ ᠢ ᠠᠬᠢᠭᠤᠯᠤᠨ ᠨᠠᠶᠢᠳᠠᠪᠤᠷᠢᠵᠢᠭᠤᠯᠤᠬᠰᠠᠨ ᠪᠠᠶᠢᠳᠠᠯ ᠳᠤ ᠬᠠᠷᠢᠭᠤ ᠮᠡᠳᠡᠬᠦᠯᠥᠯᠳᠡ ᠬᠢᠵᠡᠢ᠃
       ᠫᠧᠢ ᠬᠤᠸᠠᠨ ᠪᠢᠨ ᠡᠯ᠎ᠠ ᠰᠠᠯᠠᠭ᠎ᠠ ᠮᠦᠴᠢᠷ ᠤᠨ ᠬᠠᠷᠢᠭᠤ ᠮᠠᠲᠠᠬᠦᠯᠤᠯᠳ᠋ᠨ ᠲᠤᠮᠳ᠋ᠨ ᠬᠤᠯᠪᠤᠠᠠᠳ᠋ᠬᠠᠰᠠᠨ ᠬᠤᠳ᠋ᠨ ᠪᠠᠯᠭᠠᠰᠤᠨ ᠤ ᠰᠢᠲᠠᠮᠬᠠᠠᠢ ᠭᠡᠢ ᠶᠢᠨ ᠠᠶᠤᠯᠬᠦᠢ ᠠᠰᠠᠭᠤᠳᠠᠯ᠂ ᠰᠢᠤᠲᠠᠨ ᠲᠦᠷᠬᠡᠨ ᠲᠠᠮᠵᠢᠭᠤᠯᠭ᠎ᠠ ᠶᠢᠨ ᠦᠢᠯᠡᠰ ᠤᠨ ᠠᠶᠤᠯᠬᠦᠢ ᠠᠰᠠᠭᠤᠳᠠᠯ᠂ ᠤᠯᠠᠭᠤᠯᠠ ᠲᠦᠷᠢᠶᠡᠰᠦᠯᠡᠭᠰᠡᠨ ᠭᠡᠷ ᠤᠨ ᠬᠡᠮ ᠠᠷᠬᠠᠭ ᠢ ᠲᠦᠪᠯᠠᠷᠠᠬᠦᠯᠤᠨ ᠴᠩᠴᠠᠯᠠᠬᠦ ᠠᠰᠠᠭᠤᠳᠠᠯ᠂ ᠨᠢᠰᠭᠡᠯ ᠤᠨ ᠪᠠᠭᠤᠳᠠᠯ ᠤᠨ ᠠᠶᠤᠯᠬᠦᠢ ᠦᠢᠯᠡᠳᠪᠦᠷᠢᠯᠡᠯ ᠤᠨ ᠠᠵᠢᠯ ᠵᠠᠷᠬᠡ ᠭᠤᠤᠯᠳᠠᠯᠭ᠎ᠠ  ᠲᠠᠢ ᠵᠠᠩᠬᠢᠯᠠᠭ᠎ᠠ ᠶᠢᠨ ᠵᠤᠶᠢᠯ ᠤᠨ ᠠᠶᠤᠯᠬᠦᠢ ᠦᠢᠯᠡᠳᠪᠦᠷᠢᠯᠡᠯ ᠤᠨ ᠠᠵᠢᠯ ᠳᠤ ᠳᠠᠬᠢᠨ ᠪᠠᠶᠢᠷᠢᠯᠠᠭᠤᠯᠤᠯᠳᠠ ᠬᠢᠵᠠᠢ᠃
       ᠫᠸᠢ ᠬᠤᠸᠠᠨ ᠪᠢᠨ ᠪᠦᠬᠦ ᠬᠤᠰᠢᠭᠤᠨ ᠤ ᠠᠶᠤᠯᠬᠦᠢ ᠦᠢᠯᠡᠳᠪᠦᠷᠢᠯᠡᠯ ᠤᠨ ᠲᠤᠰᠬᠠᠢ ᠲᠦᠷᠦᠯ ᠤᠨ ᠴᠡᠭᠴᠡᠯᠡᠯᠳᠡ ᠶᠢᠨ ᠭᠤᠷᠪᠠᠨ ᠵᠢᠯ ᠤᠨ ᠠᠵᠢᠯᠯᠠᠭᠠᠨ ᠤ ᠲᠤᠬᠠᠢ ᠴᠢᠬᠤᠯᠠᠴᠢᠯᠠᠬᠤ ᠳᠤ ᠪᠠᠨ᠂ ᠭᠤᠷᠪᠠᠨ ᠵᠢᠯ ᠤᠨ ᠠᠵᠢᠯᠯᠠᠭᠠᠨ ᠤ ᠦᠷᠨᠢᠬᠦᠯᠥᠯᠳᠡ ᠶᠢᠨ ᠴᠢᠬᠤᠯᠠ ᠶᠡᠭᠡ ᠠᠴᠢ ᠬᠤᠯᠪᠤᠬᠳᠠᠯ ᠢ ᠬᠦᠨᠵᠡᠭᠡᠢ ᠲᠠᠨᠢᠵᠥ᠂ ᠡᠭᠦᠷᠭᠡ ᠬᠠᠷᠠᠯᠳᠠ ᠲᠠᠢ ᠪᠠᠨ ᠬᠠᠷᠭᠤᠭᠤᠯᠤᠨ᠂ ᠵᠤᠷᠢᠭ ᠰᠢᠭᠤᠳᠴᠦ ᠪᠠᠶᠢᠭᠠᠳ ᠲᠤᠳᠠᠬᠳᠠᠯ ᠲᠠᠢ ᠲᠠᠯ᠎ᠠ ᠪᠠᠨ ᠨᠦᠬᠦᠪᠦᠷᠢᠯᠡᠨ ᠪᠠᠭᠤᠷᠠᠢ ᠲᠠᠯ᠎ᠠ ᠪᠠᠨ ᠰᠠᠶᠢᠵᠢᠷᠠᠭᠤᠯᠵᠥ᠂ ᠬ᠋ᠤᠷᠪᠠᠨ ᠵᠢᠯ ᠤᠨ ᠠᠵᠢᠯᠯᠠᠭᠠᠨ ᠤ ᠡᠯ᠎ᠠ ᠲᠦᠷᠦᠯ ᠤᠨ ᠠᠵᠢᠯ ᠢ ᠴᠢᠩᠭ᠎ᠠ ᠪᠦᠭᠡᠳ ᠪᠣᠲᠠᠲᠠᠢ ᠠᠤᠬᠠᠤᠬᠤ ᠬᠡᠷᠩᠲᠠᠢ︔ ᠠᠶᠤᠯᠬᠦᠢ ᠦᠢᠯᠡᠳᠪᠦᠷᠢᠯᠡᠯ ᠤᠨ ᠪᠣᠲᠠᠲᠠᠢ ᠬᠤᠪᠢᠷᠠᠯᠳᠠ ᠲᠠᠢ ᠨᠢᠠᠠᠳ᠋ᠨ ᠤᠶᠠᠯᠲᠤᠭᠤᠯᠤᠨ᠂ ᠠᠵᠢᠯ ᠲᠦᠷᠦᠯ ᠤᠨ ᠬᠦᠷᠢᠶᠡᠨ ᠤ ᠭᠦᠭᠵᠢᠯᠳᠡ ᠶᠢᠨ ᠪᠠᠶᠢᠳᠠᠯ ᠳᠤ ᠪᠠᠨ ᠦᠨᠳᠦᠰᠦᠯᠡᠵᠦ᠂ ᠬ᠋ᠤᠷᠪᠠᠨ ᠵᠢᠯ ᠤᠨ ᠠᠵᠢᠯᠯᠠᠭᠠᠨ ᠤ ᠲᠦᠰᠦᠯ ᠢᠶᠠᠨ ᠴᠠᠭ ᠲᠤᠬᠠᠢ ᠳᠤᠨᠢ ᠰᠢᠨᠡᠳᠭᠡᠨ᠂ ᠠᠰᠠᠭᠤᠳᠠᠯ ᠢᠶᠠᠷ ᠤᠲᠤᠷᠢᠲᠤᠮᠵᠢ ᠪᠤᠯᠭᠠᠬᠤ ᠶᠢ ᠪᠠᠷᠢᠮᠳᠠᠯᠠᠵᠦ᠂ ᠴᠢᠭᠯᠡᠬᠦᠯᠬᠦ ᠴᠢᠨᠠᠷᠲᠠᠢ ᠴᠩᠴᠠᠯᠠᠨ ᠵᠠᠰᠬᠠᠥ ᠠᠷᠭ᠎ᠠ ᠬᠡᠮᠵᠢᠶ᠎ᠡ ᠶᠢ ᠭᠡᠷᠡᠭᠵᠢᠬᠦᠯᠥᠨ᠂ ᠴᠡᠭᠴᠡᠯᠡᠯᠳᠡ ᠶᠢᠨ ᠠᠵᠢᠯ ᠢ ᠦᠨᠠᠠᠬᠦ ᠪᠣᠲᠠᠲᠠᠶᠢᠵᠢᠭᠤᠯᠬᠤ ᠬᠡᠷᠩᠲᠠᠢ︔ ᠠᠶᠤᠯᠬᠦᠢ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠲᠠᠪᠣᠷᠢᠵᠢᠭᠤᠯᠵᠥ᠂ ᠬᠢᠨᠠᠯᠳᠠ ᠬᠠᠮᠢᠶᠠᠷᠤᠯᠳᠠ  ᠶᠢᠨ ᠠᠵᠢᠯ ᠢ ᠨᠠᠷᠢᠯᠢᠭ ᠬᠥᠠᠵᠠᠬᠡᠢ ᠰᠠᠶᠢᠳᠤᠷ ᠬᠢᠵᠥ᠂ ᠠᠵᠥ ᠠᠬᠤᠶᠢᠯᠠᠯ ᠢ ᠱᠠᠭᠠᠷᠲᠠᠨ ᠬ᠋ᠤᠤᠯ ᠴᠤᠬᠴᠠ ᠶᠢᠨ ᠬᠠᠷᠢᠭᠤᠴᠠᠯᠭ᠎ᠠ ᠶᠢ ᠨᠠᠶᠢᠲᠠᠪᠣᠷᠢᠵᠢᠭᠤᠯᠵᠥ᠂ ᠠᠰᠠᠭᠤᠳᠠᠯ ᠢ ᠢᠯᠡᠷᠡᠬᠦᠯᠥᠨ ᠠᠰᠠᠭᠤᠳᠠᠯ ᠢ ᠰᠡᠢᠳᠪᠦᠷᠢᠯᠡᠵᠦ᠂ ᠪᠦᠬᠦ ᠬᠤᠰᠢᠭᠤᠨ ᠤ ᠠᠶᠤᠯᠬᠦᠢ ᠦᠢᠯᠡᠳᠪᠦᠷᠢᠯᠡᠯ ᠤᠨ ᠠᠵᠢᠯ ᠤᠨ ᠲᠤᠠᠠᠲᠠᠭᠤᠨ ᠪᠠᠶᠢᠬᠤ ᠶᠢ ᠪᠠᠲᠤᠯᠬᠠᠥ ᠬᠡᠷᠩᠲᠠᠢ ᠭᠡᠵᠡᠢ᠃ ︵ᠯᠢ ᠬᠤᠸᠠᠨ ᠢᠦᠢ᠂ ᠸᠠᠩ ᠯᠢ ᠷᠠᠨ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号