ᠪᠦᠬᠦ ᠬᠤᠰᠢᠭᠤᠨ ᠤ ᠨᠠᠰᠤᠨ ᠳᠤ ᠦᠯᠥ ᠭᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠨᠢᠭᠡᠳᠦᠭᠡᠷ ᠤᠳᠠᠭᠠᠨ ᠤ ᠪᠦᠭᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/11/29
       11 ᠰᠠᠷ᠎ᠠ ᠶᠢᠨ 25 ᠤ ᠡᠳᠦᠷ᠂ ᠮᠠᠨ ᠤ ᠬᠤᠰᠢᠭᠤ ᠪᠦᠬᠦ ᠬᠤᠰᠢᠭᠤᠨ ᠤ ᠨᠠᠰᠤᠨ ᠳᠤ ᠦᠯᠥ ᠭᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠨᠢᠭᠡᠳᠦᠭᠡᠷ ᠤᠳᠠᠭᠠᠨ ᠤ ᠪᠦᠭᠦᠳᠡ ᠬᠤᠷᠠᠯ ᠢ ᠬᠤᠷᠠᠯᠳᠤᠭᠤᠯᠵᠦ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠪᠠᠶᠢᠩᠭᠤ ᠶᠢᠨ ᠬᠤᠰᠢᠭᠤᠨ ᠳᠡᠳ᠋ ᠳᠠᠷᠤᠭ᠎ᠠ᠂ ᠨᠠᠰᠤᠨ ᠳᠤ ᠦᠯᠥ ᠭᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠳᠠᠷᠤᠭ᠎ᠠ ᠫᠧᠢ ᠬᠤᠸᠠᠨ ᠪᠢᠨ᠂ ᠬᠤᠰᠢᠭᠤᠨ ᠳᠡᠳ᠋ ᠳᠠᠷᠤᠭ᠎ᠠ᠂ ᠳᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠳᠠᠷᠤᠭ᠎ᠠ᠂ ᠨᠠᠰᠤᠨ ᠳᠤ ᠦᠯᠥ ᠭᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠳᠡᠳ᠋ ᠳᠠᠷᠤᠭ᠎ᠠ ᠸᠠᠩ ᠵᠢᠩ ᠯᠥᠩ᠂ ᠬᠤᠰᠢᠭᠤᠨ ᠳᠡᠳ᠋ ᠳᠠᠷᠤᠭ᠎ᠠ᠂ ᠨᠠᠰᠤᠨ ᠳᠤ ᠦᠯᠥ ᠭᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠳᠡᠳ᠋ ᠳᠠᠷᠤᠭ᠎ᠠ ᠯᠢᠦ ᡁᠢ ᠾᠦᠢ ᠬᠤᠷᠠᠯ  ᠳᠤ ᠤᠷᠤᠯᠴᠠᠨ᠂ ᠯᠢᠦ ᡁᠢ ᠾᠦᠢ ᠬᠤᠷᠠᠯ ᠡᠷᠬᠢᠯᠡᠵᠡᠢ᠃
             
               ᠬᠤᠷᠠᠯ ᠠᠴᠠ ︽ᠠᠷᠤ ᠬᠤᠷᠴᠢᠨ ᠬᠤᠰᠢᠭᠤᠨ ᠤ ᠨᠠᠰᠤᠨ ᠳᠤ ᠦᠯᠥ ᠭᠦᠷᠦᠭᠰᠡᠳ ᠢ ᠬᠠᠮᠠᠭᠠᠯᠠᠬᠤ ᠠᠵᠢᠯ  ᠤᠨ ᠤᠳᠤᠷᠢᠳᠬᠤ ᠲᠤᠭᠤᠶᠢᠯᠠᠩ ᠤᠨ ᠠᠵᠢᠯ ᠤᠨ ᠲᠦᠷᠢᠮ︾᠂ ︽ᠠᠷᠤ ᠬᠤᠷᠴᠢᠨ ᠬᠤᠰᠢᠭᠤᠨ ᠤ ᠨᠠᠰᠤᠨ ᠳᠤ ᠦᠯᠥ ᠭᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠤᠨ ᠠᠵᠢᠯ ᠤᠨ ᠲᠦᠷᠢᠮ︾᠂ ︽ᠠᠷᠤ ᠬᠤᠷᠴᠢᠨ ᠬᠤᠰᠢᠭᠤᠨ ᠤ ᠨᠠᠰᠤᠨ ᠳᠤ ᠦᠯᠥ ᠭᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠠᠵᠢᠯ ᠤᠨ ᠴᠢᠬᠤᠯᠠ ᠵᠤᠶᠢᠯ︾ ᠢ ᠬᠢᠨᠠᠨ ᠵᠦᠪᠯᠡᠵᠦ᠂ 3 ᠪᠦᠷᠢᠯᠳᠦᠬᠦᠨ ᠨᠢᠭᠡᠴᠡ  ᠠᠴᠠ ᠶᠠᠷᠢᠯᠴᠠᠭ᠎ᠠ ᠦᠷᠨᠢᠬᠦᠯᠥᠨ ᠰᠠᠨᠠᠯ ᠢᠶᠠᠨ ᠰᠤᠯᠢᠯᠴᠠᠵᠠᠢ᠃
       ᠫᠧᠢ ᠬᠤᠸᠠᠨ ᠪᠢᠨ ᠠᠴᠠ᠂ ᠡᠯ᠎ᠠ ᠬ᠋ᠠᠵᠠᠷ ᠤᠷᠤᠨ ᠡᠯ᠎ᠠ ᠰᠠᠯᠠᠭ᠎ᠠ ᠮᠦᠴᠢᠷ ᠤᠯᠤᠰ ᠲᠦᠷᠦ ᠶᠢᠨ ᠵᠤᠬᠰᠤᠴᠠ ᠪᠠᠨ ᠳᠡᠭᠡᠭᠰᠢᠯᠡᠬᠦᠯᠥᠨ᠂ ᠨᠠᠰᠤᠨ ᠳᠤ ᠦᠯᠥ ᠭᠦᠷᠦᠭᠰᠡᠳ ᠢ ᠬᠠᠮᠠᠭᠠᠯᠠᠬᠤ ᠠᠵᠢᠯ ᠢ ᠰᠠᠶᠢᠳᠤᠷ ᠬᠢᠬᠦ ᠶᠢᠨ ᠡᠭᠦᠷᠭᠡ ᠬᠠᠷᠢᠭᠤᠴᠠᠯᠭᠠᠳᠤ ᠰᠡᠳᠬᠢᠯᠭᠡ ᠪᠠᠨ ᠤᠯᠠᠮ ᠨᠢᠭᠡ ᠠᠯᠬᠤᠮ ᠨᠡᠮᠡᠭᠳᠡᠬᠦᠯᠵᠦ᠂ ᠬᠡᠷ ᠪᠦᠯᠢ᠂ ᠰᠤᠷᠭᠠᠭᠤᠯᠢ᠂ ᠨᠠᠶᠢᠬᠡᠮ᠂ ᠲᠤᠤᠷ ᠰᠦᠯᠵᠢᠶ᠎ᠠ᠂ ᠵᠠᠰᠠᠭ ᠤᠨ ᠤᠷᠲᠤᠨ ᠪᠠ ᠬᠠᠤᠯᠢ ᠴᠠᠭᠠᠵᠠ ᠵᠡᠷᠭᠡ ︽ᠵᠢᠷᠭᠤᠭ᠎ᠠ ᠶᠢ ᠨᠢᠭᠡ ᠴᠤᠬᠴᠠᠵᠢᠭᠤᠯᠬᠤ︾ ᠬᠠᠮᠠᠭᠠᠯᠠᠯᠳᠠ ᠶᠢᠨ ᠠᠵᠢᠯ ᠤᠨ ᠰᠢᠨ᠎ᠡ ᠪᠠᠶᠢᠷᠢᠰᠢᠯ ᠢ ᠲᠦᠷᠬᠡᠤᠠᠬᠡᠨ ᠪᠠᠶᠢᠭᠤᠯᠬᠤ ᠬᠡᠷᠩᠲᠠᠢ︔ ᠭᠤᠤᠯᠳᠠᠯᠭᠠᠳᠤ ᠠᠵᠢᠯ ᠳᠤ ᠠᠩᠬᠠᠷᠤᠯ ᠢᠶᠠᠨ ᠲᠦᠪᠯᠡᠷᠡᠬᠦᠯᠥᠨ᠂ ᠤᠷᠢᠳᠴᠢᠯᠠᠨ ᠰᠡᠷᠭᠡᠶᠢᠯᠡᠵᠦ ᠬᠦᠮᠦᠵᠢᠬᠦᠯᠬᠦ᠂ ᠶᠡᠷᠦᠩᠭᠡᠶᠢᠯᠡᠨ ᠵᠠᠰᠠᠬᠤ᠂ ᠬᠠᠯᠠᠮᠵᠢᠯᠠᠨ ᠲᠤᠰᠠᠯᠠᠬᠤ ᠵᠡᠷᠭᠡ ᠠᠵᠢᠯ ᠢ ᠰᠠᠶᠢᠳᠤᠷ ᠠᠳᠬᠤᠵᠦ᠂ ᠨᠠᠰᠤᠨ ᠳᠤ ᠦᠯᠥ ᠭᠦᠷᠦᠭᠰᠡᠳ ᠢ ᠬᠢᠨᠠᠨ ᠬᠠᠮᠠᠭᠠᠯᠠᠬᠤ᠂ ᠰᠤᠷᠭᠠᠨ ᠬᠦᠮᠦᠵᠢᠬᠦᠯᠬᠦ᠂ ᠬᠠᠪᠰᠤᠷᠤᠨ ᠳᠡᠳᠬᠦᠬᠦ᠂ ᠠᠪᠤᠷᠠᠨ ᠲᠤᠰᠠᠯᠠᠬᠤ ᠵᠡᠷᠭᠡ ᠡᠭᠦᠷᠭᠡ ᠬᠠᠷᠢᠭᠤᠴᠠᠯᠭ᠎ᠠ ᠲᠠᠢ ᠨᠡᠶᠢᠭᠡᠮ ᠤᠨ ᠡᠬᠢ ᠪᠠᠶᠠᠯᠢᠭ ᠢ ᠨᠢᠭᠡᠳᠦᠯᠳᠡᠢ ᠲᠦᠯᠥᠪᠵᠢᠬᠦᠯᠥᠨ᠂ ᠪᠦᠬᠦ ᠨᠡᠶᠢᠭᠡᠮ ᠢᠶᠠᠷ ᠢᠶᠠᠨ ᠨᠠᠰᠤᠨ ᠳᠤ ᠦᠯᠥ ᠭᠦᠷᠦᠭᠰᠡᠳ ᠢ ᠬᠥᠮᠤᠨ ᠪᠦᠬᠦᠨ ᠬᠠᠯᠠᠮᠵᠢᠯᠠᠨ ᠬᠠᠶᠢᠷᠠᠯᠠᠳᠠᠭ ᠰᠠᠶᠢᠨ ᠰᠠᠶᠢᠬᠠᠨ ᠠᠭᠤᠷ ᠠᠮᠢᠰᠬᠤᠯ ᠲᠠᠢ ᠪᠤᠯᠭᠠᠬᠤ ᠶᠢ ᠢᠲᠠᠪᠬᠢᠲᠠᠢ ᠠᠬᠢᠭᠤᠯᠬᠤ ᠬᠡᠷᠩᠲᠠᠢ︔ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠲᠠᠪᠣᠷᠢᠵᠢᠭᠤᠯᠵᠥ᠂ ᠡᠯ᠎ᠠ ᠬ᠋ᠠᠵᠠᠷ ᠤᠷᠤᠨ ᠡᠯ᠎ᠠ ᠰᠠᠯᠠᠭ᠎ᠠ ᠮᠦᠴᠢᠷ ᠬᠠᠮᠢᠶ᠎ᠠ ᠪᠦᠬᠦᠢ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠦᠨᠠᠠᠬᠦ ᠬᠥᠢᠴᠠᠤᠠᠬᠡᠨ᠂ ᠨᠠᠰᠤᠨ ᠳᠤ ᠦᠯᠥ ᠭᠦᠷᠦᠭᠰᠡᠳ ᠢ ᠬᠠᠮᠠᠭᠠᠯᠬᠠᠥ ᠠᠵᠢᠯ ᠤᠨ ᠵᠤᠬᠢᠴᠠᠭᠤᠯᠬᠤ ᠲᠤᠬᠳᠠᠴᠠ ᠶᠢ ᠲᠠᠬᠦᠯᠲᠠᠷᠵᠢᠬᠦᠯᠵᠥ᠂ ᠨᠢᠠᠠᠳ᠋ᠨ ᠬᠠᠮᠵᠢᠯᠴᠠᠭ᠎ᠠ ᠪᠠ ᠠᠵᠢᠯ  ᠤᠨ ᠪᠠᠳᠤᠯᠠᠭ᠎ᠠ ᠪᠠᠨ ᠴᠢᠩᠭᠠᠤᠬᠠᠠᠨ᠂ ᠮᠠᠨ ᠤ ᠬᠤᠰᠢᠭᠤᠨ ᠤ ᠨᠠᠰᠤᠨ ᠳᠤ ᠦᠯᠥ ᠭᠦᠷᠦᠭᠰᠡᠳ ᠢ ᠬᠠᠮᠠᠭᠠᠯᠠᠬᠤ ᠠᠵᠢᠯ ᠤᠨ ᠴᠢᠨᠠᠷ ᠴᠢᠨᠰᠠᠭ᠎ᠠ ᠶᠢ ᠲᠠᠰᠤᠷᠠᠯᠳ᠋ᠨ ᠦᠬᠡᠢ ᠲᠠᠬᠡᠭᠰᠢᠯᠠᠬᠦᠯᠬᠦ ᠬᠡᠷᠩᠲᠠᠢ ᠭᠡᠵᠦ ᠴᠢᠩᠭᠠᠳᠬᠠᠵᠠᠢ᠃ ︵ᠯᠢ ᠬᠤᠸᠠᠨ ᠢᠦᠢ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号