ᠤᠢ ᠰᠢᠭᠤᠶ ᠶᠢᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠤᠨ ᠳᠤᠮᠳᠠ ᠳᠣᠪᠣᠶᠢᠮ᠎ᠠ ᠠᠮᠵᠢᠯᠲᠠ ᠪᠦᠲᠦᠮᠵᠢ ᠭᠠᠷᠭᠠᠭᠰᠠᠨ ᠨᠢᠭᠡᠴᠢ ᠪᠠ ᠬᠤᠪᠢ ᠬᠥᠮᠦᠨ ᠢ ᠱᠠᠩᠨᠠᠨ ᠬᠥᠬᠢᠭᠦᠯᠬᠦ
ᠨᠡᠶᠢᠲᠡᠯᠡᠭᠰᠡᠨ ᠴᠠᠭ᠄
2021/11/3
ᠬᠦᠯᠢᠶᠡᠨ ᠰᠢᠢᠳᠪᠦᠷᠢᠯᠡᠬᠦ ᠨᠥᠬᠦᠴᠡᠯ        ᠦᠨᠡᠨ ᠪᠣᠳᠠᠲᠠᠶ ᠲᠡᠷᠢᠭᠦᠨ ᠤ ᠦᠢᠯᠡ ᠠᠵᠢᠯᠯᠠᠭ᠎ᠠ ᠶᠢᠨ ᠮᠠᠲ᠋ᠧᠷᠢᠶᠠᠯ ᠢ ᠬᠠᠩᠭᠠᠵᠤ᠂ ᠱᠠᠩᠨᠠᠨ ᠬᠥᠬᠢᠭᠦᠯᠬᠦ ᠨᠥᠬᠦᠴᠡᠯ ᠤᠨ ᠱᠠᠭᠠᠷᠳᠠᠯᠭ᠎ᠠ ᠳᠤ ᠨᠡᠶᠢᠴᠡᠬᠦ᠃        ︵ᠨᠢᠭᠡ︶ ᠵᠥᠪᠰᠢᠶᠡᠷᠡᠬᠦ ᠨᠥᠬᠦᠴᠡᠯ᠄ ᠣᠢ ᠰᠢᠭᠤᠶ ᠶᠢᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠤᠨ ᠳᠤᠮᠳᠠ ᠳᠣᠪᠣᠶᠢᠮ᠎ᠠ ᠠᠮᠵᠢᠯᠲᠠ ᠪᠦᠲᠦᠮᠵᠢ ᠭᠠᠷᠭᠠᠭᠰᠠᠨ ᠪᠠᠶᠢᠭᠤᠯᠭ᠎ᠠ ᠨᠢᠭᠡᠴᠢ ᠪᠠ ᠬᠤᠪᠢ ᠬᠥᠮᠦᠨ᠃        ︵ᠬᠤᠶᠠᠷ︶ ᠦᠯᠦ ᠵᠥᠪᠰᠢᠶᠡᠷᠡᠬᠦ ᠪᠠᠶᠢᠳᠠᠯ᠄ ᠵᠥᠪᠰᠢᠶᠡᠷᠡᠬᠦ ᠨᠥᠬᠦᠴᠡᠯ ᠠᠴᠠ ᠪᠤᠰᠤᠳ ᠪᠠᠶᠢᠳᠠᠯ᠃        ︵ᠭᠤᠷᠪᠠ︶ ᠲᠣᠳᠣᠷᠬᠠᠶᠢᠯᠠᠬᠤ ᠴᠢᠬᠤᠯᠠᠲᠠᠶ ᠪᠤᠰᠤᠳ ᠪᠠᠶᠢᠳᠠᠯ᠄ ᠬᠢᠨᠠᠨ ᠵᠥᠪᠰᠢᠶᠡᠷᠡᠬᠦ ᠲᠤᠭ᠎ᠠ ᠬᠡᠮᠵᠢᠶᠡᠨ ᠤ ᠬᠢᠵᠠᠭᠠᠷᠯᠠᠯ ᠪᠠᠶᠢᠬᠤ ᠥᠬᠡᠶ᠃     ᠲᠣᠭᠲᠠᠭᠠᠭᠰᠠᠨ ᠦᠨᠳᠦᠰᠦᠯᠡᠯ      【 ᠵᠠᠰᠠᠭ ᠵᠠᠬᠢᠷᠭᠠᠨ ᠤ ᠬᠠᠤᠯᠢ ᠲᠣᠭᠲᠠᠭᠠᠯ】 ︽ᠤᠢ ᠰᠢᠭᠤᠶ ᠶᠢᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠲᠦᠷᠢᠮ︾ ︵1989 ᠣᠨ ᠤ 11 ᠰᠠᠷ᠎ᠠ ᠶᠢᠨ 17 ᠤ ᠡᠳᠦᠷ ᠳᠦᠷᠦ ᠶᠢᠨ ᠶᠠᠪᠤᠳᠠᠯ ᠤᠨ ᠬᠤᠷᠢᠶᠠᠨ ᠤ ᠲᠠᠪᠢᠳᠤᠭᠠᠷ ᠤᠳᠠᠭᠠᠨ ᠤ ᠪᠠᠶᠢᠩᠭᠤ ᠶᠢᠨ ᠬᠤᠷᠠᠯᠳᠤᠭᠠᠨ ᠠᠴᠠ ᠪᠠᠲᠤᠯᠠᠪᠠ᠃ 1989 ᠣᠨ ᠤ 12 ᠰᠠᠷ᠎ᠠ ᠶᠢᠨ 18 ᠤ ᠡᠳᠦᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠦᠷᠦ ᠶᠢᠨ ᠶᠠᠪᠤᠳᠠᠯ ᠤᠨ ᠬᠤᠷᠢᠶᠠᠨ ᠤ 46 ᠳ᠋ᠤᠭᠠᠷ ᠲᠣᠭᠠᠲᠤ ᠪᠠᠷ ᠨᠡᠶᠢᠲᠡᠯᠡᠵᠦ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ︶        ᠲᠠᠪᠤᠳᠤᠭᠠᠷ ᠵᠤᠷᠪᠤᠰ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠢ ᠰᠢᠭᠤᠶ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ ᠤ ᠣᠷᠣᠨ ᠤ ᠪᠠᠨ ᠣᠢ ᠰᠢᠭᠤᠶ ᠶᠢᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ ᠭᠤᠣᠯᠯᠠᠨ ᠬᠠᠮᠢᠶᠠᠷᠴᠤ᠂ ᠲᠡᠭᠦᠨ ᠳᠤ ᠬᠠᠷᠢᠶᠠᠯᠠᠭᠳᠠᠬᠤ ᠣᠢ ᠰᠢᠭᠤᠶ ᠶᠢᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠪᠠᠶᠢᠭᠤᠯᠤᠮᠵᠢ ᠨᠢ ᠣᠢ ᠰᠢᠭᠤᠶ ᠶᠢᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ ᠪᠣᠳᠠᠲᠠᠶ ᠵᠣᠬᠢᠶᠠᠨ ᠪᠠᠶᠢᠭᠤᠯᠤᠨ᠎ᠠ᠃        ᠬᠤᠷᠢᠨ ᠨᠢᠭᠡᠳᠦᠭᠡᠷ ᠵᠤᠷᠪᠤᠰ᠂ ᠳᠣᠣᠷ᠎ᠠ ᠵᠢᠭᠰᠠᠭᠠᠭᠰᠠᠨ ᠠᠮᠵᠢᠯᠲᠠ ᠠᠴᠠ ᠨᠢᠭᠡ ᠶᠢ ᠭᠠᠷᠭᠠᠭᠰᠠᠨ ᠪᠠᠶᠢᠭᠤᠯᠭ᠎ᠠ ᠨᠢᠭᠡᠴᠢ ᠪᠠ ᠬᠤᠪᠢ ᠬᠥᠮᠦᠨ ᠢ ᠠᠷᠠᠳ ᠤᠨ ᠵᠠᠰᠠᠭ ᠤᠨ ᠣᠷᠳᠣᠨ ᠪᠤᠶᠤ ᠤᠢ ᠰᠢᠭᠤᠶ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠱᠠᠩᠨᠠᠨ ᠬᠥᠬᠢᠭᠦᠯᠦᠨ᠎ᠡ᠄        ︵ᠨᠢᠭᠡ︶ ᠤᠢ ᠰᠢᠭᠤᠶ ᠶᠢᠨ ᠡᠪᠡᠳᠴᠢᠨ ᠬᠤᠷᠣᠬᠠᠶ ᠶᠢᠨ ᠭᠠᠮᠰᠢᠭ ᠢ ᠰᠡᠷᠭᠡᠶᠢᠯᠡᠨ ᠵᠠᠰᠠᠬᠤ ᠬᠠᠤᠯᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠤᠷᠢᠳᠴᠢᠯᠠᠨ ᠰᠡᠷᠭᠡᠶᠢᠯᠡᠬᠦ ᠪᠠ ᠠᠷᠢᠯᠭᠠᠵᠤ ᠵᠠᠰᠠᠬᠤ ᠠᠷᠭ᠎ᠠ ᠬᠡᠮᠵᠢᠶ᠎ᠡ ᠨᠢ ᠬᠦᠴᠦᠲᠡᠶ ᠪᠠᠶᠢᠵᠤ᠂ ᠲᠤᠰ ᠭᠠᠵᠠᠷ ᠣᠷᠣᠨ ᠪᠤᠶᠤ ᠡᠵᠡᠩᠨᠡᠯᠲᠡ ᠶᠢᠨ ᠣᠷᠣᠨ ᠪᠦᠰᠡ ᠳᠤ ᠤᠢ ᠰᠢᠭᠤᠶ ᠶᠢᠨ ᠡᠪᠡᠳᠴᠢᠨ ᠬᠤᠷᠣᠬᠠᠶ ᠶᠢᠨ ᠭᠠᠮᠰᠢᠭ ᠲᠠᠪᠤᠨ ᠵᠢᠯ ᠳᠠᠷᠠᠭᠠᠯᠠᠨ ᠡᠰᠡ ᠭᠠᠷᠤᠭᠰᠠᠨ᠃        ︵ᠬᠤᠶᠠᠷ︶ ᠡᠪᠡᠳᠴᠢᠨ ᠤ ᠪᠠᠶᠢᠳᠠᠯ᠂ ᠬᠤᠷᠣᠬᠠᠶ ᠶᠢᠨ ᠪᠠᠶᠢᠳᠠᠯ ᠢ ᠴᠠᠭ ᠲᠤᠬᠠᠶ ᠳᠤᠨᠢ ᠣᠨᠣᠪᠴᠢᠲᠠᠶ ᠤᠷᠢᠳᠴᠢᠯᠠᠨ ᠮᠡᠳᠡᠭᠡᠯᠡᠬᠦ ᠶᠢᠨ ᠬᠠᠮᠲᠤ ᠤᠢ ᠰᠢᠭᠤᠶ ᠶᠢᠨ ᠡᠪᠡᠳᠴᠢᠨ ᠬᠤᠷᠣᠬᠠᠶ ᠶᠢᠨ ᠭᠠᠮᠰᠢᠭ ᠢ ᠰᠡᠷᠭᠡᠶᠢᠯᠡᠨ ᠵᠠᠰᠠᠬᠤ ᠲᠠᠯ᠎ᠠ ᠪᠠᠷ ᠵᠦᠢ ᠵᠣᠬᠢᠰᠲᠠᠶ ᠰᠠᠨᠠᠭᠤᠯᠭ᠎ᠠ ᠳᠤᠷᠠᠳᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠬᠦᠯᠢᠶᠡᠨ ᠠᠪᠴᠤ ᠬᠡᠷᠡᠭᠯᠡᠭᠡᠳ ᠮᠡᠳᠡᠭᠳᠡᠬᠦ᠋ᠢᠴᠡ ᠦᠷ᠎ᠡ ᠠᠰᠢᠭ ᠣᠯᠤᠭᠰᠠᠨ᠃        ︵ᠭᠤᠷᠪᠠ︶ ᠤᠢ ᠰᠢᠭᠤᠶ ᠶᠢᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠰᠢᠨᠵᠢᠯᠡᠬᠦ ᠤᠬᠠᠭᠠᠨ ᠤ ᠰᠤᠳᠤᠯᠭᠠᠨ ᠤ ᠳᠤᠮᠳᠠ ᠦᠷ᠎ᠡ ᠪᠦᠲᠦᠭᠡᠯ ᠭᠠᠷᠭᠠᠭᠰᠠᠨ ᠪᠤᠶᠤ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠬᠡᠷᠡᠭᠯᠡᠵᠦ ᠳᠡᠯᠭᠡᠷᠡᠭᠦᠯᠬᠦ ᠳᠤᠮᠳᠠ ᠴᠢᠬᠤᠯᠠ ᠶᠡᠭᠡ ᠦᠷ᠎ᠡ ᠠᠰᠢᠭ ᠣᠯᠤᠭᠰᠠᠨ᠃        ︵ᠲᠦᠷᠪᠡ︶ ᠤᠢ ᠰᠢᠭᠤᠶ ᠶᠢᠨ ᠦᠨᠳᠦᠰᠦᠨ ᠱᠠᠲᠤᠨ ᠤ ᠪᠠᠶᠢᠭᠤᠯᠭ᠎ᠠ ᠨᠢᠭᠡᠴᠢ ᠳᠤ ᠤᠢ ᠰᠢᠭᠤᠶ ᠶᠢᠨ ᠡᠪᠡᠳᠴᠢᠨ ᠬᠤᠷᠣᠬᠠᠶ ᠶᠢᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠵᠠᠯᠭᠠᠭ᠎ᠠ ᠪᠠᠷ ᠪᠦᠬᠦᠯᠢ ᠠᠷᠪᠠᠨ ᠵᠢᠯ ᠬᠢᠭᠰᠡᠨ ᠪᠦᠭᠡᠳ ᠠᠵᠢᠯ ᠤᠨ ᠦᠷ᠎ᠡ ᠪᠦᠲᠦᠮᠵᠢ ᠨᠡᠯᠢᠶᠡᠳ ᠰᠡᠶᠢᠠ ᠪᠠᠶᠢᠬᠤ᠃        ︵ᠲᠠᠪᠤ︶ ᠤᠢ ᠰᠢᠭᠤᠶ ᠶᠢᠨ ᠡᠪᠡᠳᠴᠢᠨ ᠬᠤᠷᠣᠬᠠᠶ ᠶᠢᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠤᠨ ᠳᠤᠮᠳᠠ ᠪᠤᠰᠤᠳ ᠲᠠᠯ᠎ᠠ ᠶᠢᠨ ᠳᠣᠪᠣᠶᠢᠮ᠎ᠠ ᠠᠮᠵᠢᠯᠲᠠ ᠭᠠᠷᠭᠠᠭᠰᠠᠨ᠃ ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠰᠢᠤᠸᠠᠢ ᠶᠤᠸᠠᠨ ᠵᠠᠮ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 2 ᠳ᠋ᠤᠭᠠᠷ ᠵᠠᠮ ᠤᠨ ᠨᠡᠶᠢᠲᠡ ᠶᠢᠨ ᠮᠠᠰᠢᠨ ᠳᠤ ᠰᠠᠭᠤᠵᠤ ᠰᠤᠷᠭᠠᠨ ᠬᠥᠮᠦᠵᠢᠯ ᠤᠨ ᠲᠣᠪᠴᠢᠶᠠᠨ ᠤ ᠥᠷᠲᠡᠭᠡᠨ ᠳᠤ ᠪᠠᠭᠤᠨ᠎ᠠ᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ ᠨᠡᠶᠢᠲᠡᠯᠡᠪᠡ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号