ᠤᠷᠭᠤᠮᠠᠯ ᠤᠨ ᠬᠢᠵᠢᠭ ᠢ ᠪᠠᠶᠢᠴᠠᠭᠠᠬᠤ ᠠᠵᠢᠯ ᠤᠨ ᠳᠤᠮᠳᠠ ᠢᠯᠡᠳᠲᠡ ᠠᠮᠵᠢᠯᠲᠠ ᠪᠦᠲᠦᠮᠵᠢ ᠭᠠᠷᠭᠠᠭᠰᠠᠨ ᠪᠠᠶᠢᠭᠤᠯᠭ᠎ᠠ ᠨᠢᠭᠡᠴᠢ ᠪᠠ ᠬᠤᠪᠢ ᠬᠥᠮᠦᠨ ᠢ ᠱᠠᠩᠨᠠᠬᠤ
ᠨᠡᠶᠢᠲᠡᠯᠡᠭᠰᠡᠨ ᠴᠠᠭ᠄
2021/11/3
ᠬᠦᠯᠢᠶᠡᠨ ᠰᠢᠢᠳᠪᠦᠷᠢᠯᠡᠬᠦ ᠨᠥᠬᠦᠴᠡᠯ        ︵ᠨᠢᠭᠡ︶ ᠵᠥᠪᠰᠢᠶᠡᠷᠡᠬᠦ ᠨᠥᠬᠦᠴᠡᠯ᠄  ᠤᠷᠭᠤᠮᠠᠯ ᠤᠨ ᠬᠢᠵᠢᠭ ᠢ ᠪᠠᠶᠢᠴᠠᠭᠠᠬᠤ ᠠᠵᠢᠯ ᠤᠨ ᠳᠤᠮᠳᠠ ᠢᠯᠡᠳᠲᠡ ᠠᠮᠵᠢᠯᠲᠠ ᠭᠠᠷᠭᠠᠭᠰᠠᠨ ᠪᠠᠶᠢᠭᠤᠯᠭ᠎ᠠ ᠨᠢᠭᠡᠴᠢ ᠪᠠ ᠬᠤᠪᠢ ᠬᠥᠮᠦᠨ        ︵ᠬᠤᠶᠠᠷ︶ ᠦᠯᠦ ᠵᠥᠪᠰᠢᠶᠡᠷᠡᠬᠦ ᠪᠠᠶᠢᠳᠠᠯ᠄  ᠵᠥᠪᠰᠢᠶᠡᠷᠡᠬᠦ ᠨᠥᠬᠦᠴᠡᠯ ᠠᠴᠠ ᠪᠤᠰᠤᠳ ᠨᠦᠬᠦᠴᠡᠯ᠃        ︵ᠭᠤᠷᠪᠠ︶ ᠲᠣᠳᠣᠷᠬᠠᠶᠢᠯᠠᠬᠤ ᠴᠢᠬᠤᠯᠠᠲᠠᠶ ᠪᠤᠰᠤᠳ ᠪᠠᠶᠢᠳᠠᠯ᠄  ᠬᠢᠨᠠᠨ ᠵᠥᠪᠰᠢᠶᠡᠷᠡᠬᠦ ᠲᠤᠭ᠎ᠠ ᠬᠡᠮᠵᠢᠶᠡᠨ ᠤ ᠬᠢᠵᠠᠭᠠᠷᠯᠠᠯ ᠪᠠᠶᠢᠬᠤ ᠥᠬᠡᠶ᠃      ᠲᠣᠭᠲᠠᠭᠠᠭᠰᠠᠨ ᠦᠨᠳᠦᠰᠦᠯᠡᠯ       【 ᠵᠠᠰᠠᠭ ᠵᠠᠬᠢᠷᠭᠠᠨ ᠤ ᠬᠠᠤᠯᠢ ᠲᠣᠭᠲᠠᠭᠠᠯ】 ︽ᠤᠷᠭᠤᠮᠠᠯ ᠤᠨ ᠬᠢᠵᠢᠭ ᠢ ᠪᠠᠶᠢᠴᠠᠭᠠᠬᠤ ᠲᠦᠷᠢᠮ︾ ︵1992 ᠣᠨ ᠤ 5 ᠰᠠᠷ᠎ᠠ ᠶᠢᠨ 13 ᠤ ᠡᠳᠦᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷᠦ ᠶᠢᠨ ᠶᠠᠪᠤᠳᠠᠯ ᠤᠨ ᠬᠤᠷᠢᠶᠠᠨ ᠤ 98 ᠳ᠋ᠤᠭᠠᠷ ᠵᠠᠷᠯᠢᠭ ᠢᠶᠠᠷ ᠨᠡᠶᠢᠲᠡᠯᠡᠵᠦ᠂ 2017 ᠣᠨ ᠤ 10 ᠰᠠᠷ᠎ᠠ ᠶᠢᠨ 7 ᠤ ᠡᠳᠦᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷᠦ ᠶᠢᠨ ᠶᠠᠪᠤᠳᠠᠯ ᠤᠨ ᠬᠤᠷᠢᠶᠠᠨ ᠤ 687 ᠳ᠋ᠤᠭᠠᠷ ᠵᠠᠷᠯᠢᠭ ᠢᠶᠠᠷ ᠨᠡᠶᠢᠲᠡᠯᠡᠭᠰᠡᠨ ︽ᠬᠡᠰᠡᠭ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠲᠤᠬᠠᠶ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ᠢ ᠦᠨᠳᠦᠰᠦᠯᠡᠨ ᠵᠠᠰᠠᠪᠤᠷᠢ ᠣᠷᠣᠭᠤᠯᠪᠠ︶        ᠠᠷᠪᠠᠨ ᠳᠣᠯᠣᠳᠤᠭᠠᠷ ᠵᠤᠷᠪᠤᠰ᠂ ᠤᠷᠭᠤᠮᠠᠯ ᠤᠨ ᠬᠢᠵᠢᠭ ᠢ ᠪᠠᠶᠢᠴᠠᠭᠠᠬᠤ ᠠᠵᠢᠯ ᠤᠨ ᠳᠤᠮᠳᠠ ᠢᠯᠡᠳᠲᠡ ᠠᠮᠵᠢᠯᠲᠠ ᠪᠦᠲᠦᠮᠵᠢ ᠭᠠᠷᠭᠠᠭᠰᠠᠨ ᠪᠠᠶᠢᠭᠤᠯᠭ᠎ᠠ ᠨᠢᠭᠡᠴᠢ ᠪᠠ ᠬᠤᠪᠢ ᠬᠥᠮᠦᠨ ᠢ ᠠᠷᠠᠳ ᠤᠨ ᠵᠠᠰᠠᠭ ᠤᠨ ᠣᠷᠳᠣᠨ ᠠᠴᠠ ᠬᠥᠬᠢᠭᠦᠯᠦᠨ ᠱᠠᠩᠨᠠᠨ᠎ᠠ᠃       【 ᠰᠠᠯᠠᠭ᠎ᠠ ᠮᠥᠴᠢᠷ ᠤᠨ ᠲᠦᠷᠢᠮ ᠲᠣᠭᠲᠠᠭᠠᠯ】 ︽ᠤᠷᠭᠤᠮᠠᠯ ᠤᠨ ᠬᠢᠵᠢᠭ ᠢ ᠪᠠᠶᠢᠴᠠᠭᠠᠬᠤ ᠲᠦᠷᠢᠮ ᠢ ᠬᠡᠷᠡᠭᠵᠢᠭᠦᠯᠬᠦ ᠨᠠᠷᠢᠨ ᠲᠦᠷᠢᠮ ︵ᠤᠢ ᠰᠢᠭᠤᠶ ᠶᠢᠨ ᠬᠡᠰᠡᠭ︶︾ ︵1994 ᠣᠨ ᠤ 7 ᠰᠠᠷ᠎ᠠ ᠶᠢᠨ 26 ᠤ ᠡᠳᠦᠷ ᠤᠢ ᠰᠢᠭᠤᠶ ᠶᠢᠨ ᠶᠠᠮᠤᠨ ᠤ 4 ᠳ᠋ᠦ᠋ᠭᠡᠷ ᠲᠣᠭᠠᠲᠤ ᠵᠠᠷᠯᠢᠭ ᠢᠶᠠᠷ ᠨᠡᠶᠢᠲᠡᠯᠡᠪᠡ  ᠃ 2011 ᠣᠨ ᠤ 1 ᠰᠠᠷ᠎ᠠ ᠶᠢᠨ 25 ᠤ ᠡᠳᠦᠷ ᠤᠨ ᠤᠯᠤᠰ ᠤᠨ ᠤᠢ ᠰᠢᠭᠤᠶ ᠶᠢᠨ ᠲᠣᠪᠴᠢᠶᠠᠨ ᠤ 26 ᠳ᠋ᠤᠭᠠᠷ ᠵᠠᠷᠯᠢᠭ ᠢᠶᠠᠷ ᠨᠡᠶᠢᠲᠡᠯᠡᠵᠦ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠭᠰᠡᠨ ︽ᠬᠡᠰᠡᠭ ᠰᠠᠯᠠᠭ᠎ᠠ ᠮᠥᠴᠢᠷ ᠤᠨ ᠲᠦᠷᠢᠮ ᠲᠣᠭᠲᠠᠭᠠᠯ ᠢ ᠬᠦᠴᠦᠨ ᠦᠭᠡᠢ ᠪᠣᠯᠭᠠᠬᠤ ᠪᠠ ᠲᠡᠭᠦᠨ ᠳᠤ ᠵᠠᠰᠠᠪᠤᠷᠢ ᠣᠷᠣᠭᠤᠯᠬᠤ ᠲᠤᠬᠠᠶ ᠤᠯᠤᠰ ᠤᠨ ᠤᠢ ᠰᠢᠭᠤᠶ ᠶᠢᠨ ᠲᠣᠪᠴᠢᠶᠠᠨ ᠤ ᠲᠣᠭᠲᠠᠭᠠᠯ︾ ᠢ ᠦᠨᠳᠦᠰᠦᠯᠡᠨ ᠵᠠᠰᠠᠪᠤᠷᠢ ᠣᠷᠣᠭᠤᠯᠤᠭᠰᠠᠨ︶        ᠬᠤᠷᠢ ᠶᠢᠰᠦᠳᠦᠭᠡᠷ ᠵᠦᠢᠯ ᠳᠣᠣᠷ᠎ᠠ ᠵᠢᠭᠰᠠᠭᠠᠭᠰᠠᠨ ᠠᠮᠵᠢᠯᠲᠠ ᠪᠦᠲᠦᠮᠵᠢ ᠠᠴᠠ ᠨᠢᠭᠡ ᠶᠢ ᠭᠠᠷᠭᠠᠭᠰᠠᠨ ᠪᠠᠶᠢᠭᠤᠯᠭ᠎ᠠ ᠨᠢᠭᠡᠴᠢ ᠪᠠ ᠬᠤᠪᠢ ᠬᠥᠮᠦᠨ ᠢ ᠠᠷᠠᠳ ᠤᠨ ᠵᠠᠰᠠᠭ ᠤᠨ ᠣᠷᠳᠣᠨ ᠪᠤᠶᠤ ᠤᠢ ᠰᠢᠭᠤᠶ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠱᠠᠩᠨᠠᠨ ᠬᠥᠬᠢᠭᠦᠯᠦᠨ᠎ᠡ᠄        ︵ᠨᠢᠭᠡ︶ ᠤᠢ ᠰᠢᠭᠤᠶ ᠶᠢᠨ ᠪᠠᠶᠢᠴᠠᠭᠠᠯᠲᠠ ᠶᠢᠨ ᠬᠠᠤᠯᠢ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠲᠠᠢ ᠲᠡᠮᠡᠴᠡᠯ ᠬᠢᠭᠰᠡᠨ ᠦᠢᠯᠡ ᠶᠠᠪᠤᠳᠠᠯ ᠨᠢ ᠲᠤᠪᠤᠶᠢᠮ᠎ᠠ ᠪᠠᠶᠢᠬᠤ᠃        ︵ᠬᠤᠶᠠᠷ︶ ᠤᠢ ᠰᠢᠭᠤᠶ ᠶᠢᠨ ᠪᠠᠶᠢᠴᠠᠭᠠᠯᠲᠠ ᠳᠤᠮᠳᠠ ᠪᠠᠶᠢᠴᠠᠭᠠᠭᠳᠠᠬᠤ ᠡᠲᠡᠭᠡᠳ ᠢ ᠪᠢᠲᠡᠭᠦᠮᠵᠢᠯᠡᠬᠦ᠂ ᠤᠰᠠᠳᠬᠠᠬᠤ ᠠᠵᠢᠯ ᠳᠤ ᠢᠯᠡᠳᠲᠡ ᠠᠮᠵᠢᠯᠲᠠ ᠭᠠᠷᠭᠠᠭᠰᠠᠨ᠃        ︵ᠭᠤᠷᠪᠠ︶ ᠤᠢ ᠮᠣᠳᠣᠨ ᠤ ᠪᠠᠶᠢᠴᠠᠭᠠᠯᠲᠠ ᠶᠢᠨ ᠮᠡᠷᠭᠡᠵᠢᠯ ᠤᠨ ᠰᠤᠳᠤᠯᠭᠠᠨ ᠪᠠ ᠳᠡᠯᠭᠡᠷᠡᠭᠦᠯᠦᠯᠲᠡ ᠶᠢᠨ ᠠᠵᠢᠯ ᠤᠨ ᠳᠤᠮᠳᠠ ᠴᠢᠬᠤᠯᠠ ᠶᠡᠭᠡ ᠦᠷ᠎ᠡ ᠪᠦᠲᠦᠭᠡᠯ ᠭᠠᠷᠭᠠᠭᠰᠠᠨ ᠪᠤᠶᠤ ᠢᠯᠡᠳᠲᠡ ᠦᠷ᠎ᠡ ᠠᠰᠢᠭ ᠣᠯᠤᠭᠰᠠᠨ᠃        ︵ᠲᠦᠷᠪᠡ︶ ᠠᠶᠤᠯᠲᠠᠶ ᠤᠢ ᠰᠢᠭᠤᠶ ᠶᠢᠨ ᠡᠪᠡᠳᠴᠢᠨ᠂ ᠬᠤᠷᠣᠬᠠᠶ ᠶᠢᠨ ᠲᠠᠷᠬᠠᠨ ᠳᠡᠯᠭᠡᠷᠡᠬᠦ ᠶᠢ ᠰᠡᠷᠭᠡᠶᠢᠯᠡᠬᠦ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ᠃       【 ᠣᠷᠣᠨ ᠨᠤᠲᠤᠭ ᠤᠨ ᠵᠠᠰᠠᠭ ᠤᠨ ᠣᠷᠳᠣᠨ ᠤ ᠳᠦᠷᠢᠮ ᠲᠣᠭᠲᠠᠭᠠᠯ】《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠭᠤᠮᠠᠯ ᠤᠨ ᠬᠢᠵᠢᠭ ᠪᠠᠶᠢᠴᠠᠭᠠᠬᠤ ᠲᠦᠷᠢᠮ ᠢ ᠬᠡᠷᠡᠭᠵᠢᠭᠦᠯᠬᠦ ᠠᠷᠭ᠎ᠠ ︵ᠣᠶ ᠰᠢᠭᠤᠶ ᠶᠢᠨ ᠬᠡᠰᠡᠭ︶︾ ︵1990 ᠣᠨ ᠤ 11 ᠳ᠋ᠦ᠋ᠭᠡᠷ ᠰᠠᠷ᠎ᠠ ᠶᠢᠨ 12 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 15 ᠳ᠋ᠤᠭᠠᠷ ᠲᠣᠭᠠᠲᠤ ᠪᠠᠷ ᠨᠡᠶᠢᠲᠡᠯᠡᠪᠡ᠃ 2010 ᠣᠨ ᠤ 11 ᠳ᠋ᠦ᠋ᠭᠡᠷ ᠰᠠᠷ᠎ᠠ ᠶᠢᠨ 16 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 8 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠪᠠᠲᠤᠯᠠᠵᠤ᠂ 2010 ᠣᠨ ᠤ 11 ᠳ᠋ᠦ᠋ᠭᠡᠷ ᠰᠠᠷ᠎ᠠ ᠶᠢᠨ 26 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 175 ᠳ᠋ᠤᠭᠠᠷ ᠲᠣᠭᠠᠲᠤ ᠪᠠᠷ ᠨᠡᠶᠢᠲᠡᠯᠡᠵᠦ᠂ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠭᠰᠡᠨ ︽ᠬᠡᠰᠡᠭ ᠲᠦᠷᠢᠮ ᠲᠣᠭᠲᠠᠭᠠᠯ ᠳᠤ ᠵᠠᠰᠠᠪᠤᠷᠢ ᠣᠷᠣᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ ᠦᠨᠳᠦᠰᠦᠯᠡᠨ ᠬᠤᠶᠠᠳᠠᠬᠢ ᠤᠳᠠᠭ᠎ᠠ ᠵᠠᠰᠠᠪᠤᠷᠢ ᠣᠷᠣᠭᠤᠯᠤᠭᠰᠠᠨ︶        ᠬᠤᠷᠢᠨ ᠳᠥᠷᠪᠡᠳᠦᠭᠡᠷ ᠵᠤᠷᠪᠤᠰ᠂ ᠳᠣᠣᠷ᠎ᠠ ᠵᠢᠭᠰᠠᠭᠠᠭᠰᠠᠨ ᠨᠥᠬᠦᠴᠡᠯ ᠤᠳ ᠤᠨ ᠨᠢᠭᠡ ᠳᠤ ᠨᠡᠶᠢᠴᠡᠭᠰᠡᠨ ᠪᠠᠶᠢᠭᠤᠯᠭ᠎ᠠ ᠨᠢᠭᠡᠴᠢ ᠪᠤᠶᠤ ᠬᠤᠪᠢ ᠬᠥᠮᠦᠨ ᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠤᠢ ᠰᠢᠭᠤᠶ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠬᠥᠬᠢᠭᠦᠯᠦᠨ ᠰᠠᠶᠢᠰᠢᠶᠠᠬᠤ ᠪᠤᠶᠤ ᠱᠠᠩᠨᠠᠨ᠎ᠠ᠄        ︵ᠨᠢᠭᠡ︶ ᠤᠷᠭᠤᠮᠠᠯ ᠤᠨ ᠬᠢᠵᠢᠭ ᠢ ᠪᠠᠶᠢᠴᠠᠭᠠᠬᠤ ᠬᠠᠤᠯᠢ ᠲᠣᠭᠲᠠᠭᠠᠯ ᠢ ᠢᠳᠡᠪᠬᠢᠲᠡᠶ ᠤᠬᠠᠭᠤᠯᠵᠤ᠂ ᠵᠢᠱᠢᠶᠡᠴᠢ ᠪᠠᠷ ᠬᠡᠷᠡᠭᠵᠢᠭᠦᠯᠵᠦ᠂ ᠤᠷᠭᠤᠮᠠᠯ ᠤᠨ ᠬᠢᠵᠢᠭ ᠢ ᠪᠠᠶᠢᠴᠠᠭᠠᠬᠤ ᠬᠠᠤᠯᠢ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠲᠠᠢ ᠲᠡᠮᠡᠴᠡᠯ ᠬᠢᠭᠰᠡᠨ ᠪᠥᠭᠡᠳ ᠦᠢᠯᠡ ᠶᠠᠪᠤᠳᠠᠯ ᠨᠢ ᠲᠤᠪᠤᠶᠢᠮ᠎ᠠ ᠪᠠᠶᠢᠬᠤ᠃        ︵ᠬᠤᠶᠠᠷ︶ ᠤᠢ ᠰᠢᠭᠤᠶ ᠶᠢᠨ ᠤᠷᠭᠤᠮᠠᠯ ᠤᠨ ᠬᠢᠵᠢᠭ ᠤᠨ ᠪᠠᠶᠢᠴᠠᠭᠠᠯᠲᠠ ᠶᠢᠨ ᠪᠠᠶᠢᠴᠠᠭᠠᠭᠳᠠᠬᠤ ᠡᠲᠡᠭᠡᠳ ᠢ ᠬᠢᠵᠠᠭᠠᠷᠯᠠᠬᠤ᠂ ᠠᠷᠢᠯᠭᠠᠬᠤ ᠵᠡᠷᠭᠡ ᠲᠠᠯ᠎ᠠ ᠪᠠᠷ ᠢᠯᠡᠳᠲᠡ ᠠᠮᠵᠢᠯᠲᠠ ᠭᠠᠷᠭᠠᠭᠰᠠᠨ᠃        ︵ᠭᠤᠷᠪᠠ︶ ᠤᠢ ᠰᠢᠭᠤᠶ ᠶᠢᠨ ᠤᠷᠭᠤᠮᠠᠯ ᠤᠨ ᠬᠢᠵᠢᠭ ᠢ ᠪᠠᠶᠢᠴᠠᠭᠠᠬᠤ ᠮᠡᠷᠭᠡᠵᠢᠯ ᠤᠨ ᠰᠤᠳᠤᠯᠭᠠᠨ ᠪᠠ ᠬᠡᠷᠡᠭᠯᠡᠯᠲᠡ ᠶᠢᠨ ᠲᠠᠯ᠎ᠠ ᠪᠠᠷ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ᠃        ︵ᠲᠦᠷᠪᠡ︶ ᠬᠢᠵᠢᠭ ᠤᠨ ᠪᠠᠶᠢᠴᠠᠭᠠᠯᠲᠠ ᠶᠢᠨ ᠴᠢᠨᠠᠷᠲᠠᠶ ᠡᠪᠡᠳᠴᠢᠨ ᠬᠤᠷᠣᠬᠠᠶ ᠶᠢᠨ ᠲᠠᠷᠬᠠᠬᠤ᠂ ᠳᠡᠯᠭᠡᠷᠡᠬᠦ ᠶᠢ ᠰᠡᠷᠭᠡᠶᠢᠯᠡᠬᠦ᠂ ᠠᠵᠤ ᠠᠬᠤᠶ ᠶᠢᠨ ᠬᠤᠬᠢᠷᠠᠯ ᠢ ᠡᠭᠡᠭᠦᠯᠦᠨ ᠠᠪᠴᠢᠷᠠᠬᠤ ᠲᠠᠯ᠎ᠠ ᠪᠠᠷ ᠲᠤᠪᠤᠶᠢᠮ᠎ᠠ ᠠᠮᠵᠢᠯᠲᠠ ᠭᠠᠷᠭᠠᠭᠰᠠᠨ᠃        ︵ᠲᠠᠪᠤ︶ ᠤᠢ ᠰᠢᠭᠤᠶ ᠶᠢᠨ ᠪᠠᠶᠢᠴᠠᠭᠠᠯᠲᠠ ᠶᠢᠨ ᠠᠵᠢᠯ ᠳᠤ ᠢᠳᠡᠪᠬᠢᠲᠡᠶ ᠬᠠᠮᠵᠢᠯᠴᠠᠵᠤ᠂ ᠬᠢᠵᠢᠭ ᠪᠠᠶᠢᠴᠠᠭᠠᠬᠤ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠭᠡᠳ ᠮᠡᠳᠡᠭᠳᠡᠬᠦ᠋ᠢᠴᠡ ᠠᠮᠵᠢᠯᠲᠠ ᠭᠠᠷᠭᠠᠭᠰᠠᠨ᠃ ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠰᠢᠤᠸᠠᠢ ᠶᠤᠸᠠᠨ ᠵᠠᠮ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 2 ᠳ᠋ᠤᠭᠠᠷ ᠵᠠᠮ ᠤᠨ ᠨᠡᠶᠢᠲᠡ ᠶᠢᠨ ᠮᠠᠰᠢᠨ ᠳᠤ ᠰᠠᠭᠤᠵᠤ ᠰᠤᠷᠭᠠᠨ ᠬᠥᠮᠦᠵᠢᠯ ᠤᠨ ᠲᠣᠪᠴᠢᠶᠠᠨ ᠤ ᠥᠷᠲᠡᠭᠡᠨ ᠳᠤ ᠪᠠᠭᠤᠨ᠎ᠠ᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ ᠨᠡᠶᠢᠲᠡᠯᠡᠪᠡ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号