ᠠᠰᠢᠭ ᠬᠤᠨᠵᠢᠪᠣᠷᠢ ᠶᠢᠨ ᠴᠢᠨᠠᠷᠲᠠᠶ ᠡᠯᠡᠰᠦ ᠶᠢ ᠵᠠᠰᠠᠬᠤ ᠠᠵᠢᠯᠯᠠᠭ᠎ᠠ ᠬᠢᠬᠦ ᠵᠥᠪᠰᠢᠶᠡᠷᠡᠯ
ᠨᠡᠶᠢᠲᠡᠯᠡᠭᠰᠡᠨ ᠴᠠᠭ᠄
2021/11/3
ᠬᠦᠯᠢᠶᠡᠨ ᠰᠢᠢᠳᠪᠦᠷᠢᠯᠡᠬᠦ ᠨᠥᠬᠦᠴᠡᠯ        ᠰᠢᠯᠭᠠᠨ ᠠᠪᠬᠤ ᠭᠤᠶᠤᠴᠢᠯᠠᠯ ᠢᠶᠠᠨ ᠲᠤᠰᠢᠶᠠᠵᠤ᠂ ᠠᠰᠢᠭ ᠬᠤᠨᠵᠢᠪᠣᠷᠢ ᠶᠢᠨ ᠴᠢᠨᠠᠷᠲᠠᠶ ᠡᠯᠡᠰᠦ ᠶᠢ ᠵᠠᠰᠠᠬᠤ ᠶᠢ ᠰᠢᠯᠭᠠᠨ ᠠᠪᠬᠤ ᠭᠤᠶᠤᠴᠢᠯᠠᠯ ᠤᠨ ᠬᠦᠰᠦᠨᠦᠭᠲᠦ ᠶᠢ ᠲᠠᠭᠯᠠᠭᠰᠠᠨ᠃ᠲᠣᠭᠲᠠᠭᠠᠭᠰᠠᠨ ᠦᠨᠳᠦᠰᠦᠯᠡᠯ       【 ᠬᠠᠤᠯᠢ ᠴᠠᠭᠠᠵᠠ 】 ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠬᠠᠤᠯᠢ︾ ︵2001 ᠣᠨ ᠤ ᠳᠡᠪᠲᠡᠷ︶ ᠶᠢᠨ ᠬᠤᠷᠢ ᠶᠢᠰᠦᠳᠦᠭᠡᠷ ᠵᠤᠷᠪᠤᠰ᠂ ᠵᠠᠰᠠᠭᠴᠢ ᠨᠢ ᠵᠠᠰᠠᠬᠤ ᠡᠭᠦᠷᠭᠡ ᠪᠠᠨ ᠪᠡᠶᠡᠯᠡᠭᠦᠯᠦᠭᠰᠡᠨ ᠤ ᠲᠡᠷᠠᠭ᠎ᠠ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠬᠤ ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠡᠠ ᠠᠪᠤᠭᠰᠠᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠰᠢᠯᠭᠠᠭᠤᠯᠬᠤ ᠭᠤᠶᠤᠴᠢᠯᠠᠯ ᠭᠠᠷᠭᠠᠬᠤ ᠬᠡᠷᠡᠭᠲᠡᠶ᠃ ᠰᠢᠯᠭᠠᠨ ᠠᠪᠬᠤ ᠳᠤ ᠬᠢᠷᠢ ᠲᠡᠩᠴᠡᠭᠰᠡᠨ ᠪᠤᠯ᠂ ᠵᠠᠰᠠᠬᠤ ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠵᠠᠰᠠᠭ ᠵᠠᠬᠢᠷᠭᠠᠨ ᠤ  ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠰᠠᠬᠤ ᠠᠵᠢᠯ ᠳᠤ ᠬᠢᠷᠢ ᠲᠡᠩᠴᠡᠭᠰᠡᠨ ᠢ ᠭᠡᠷᠡᠴᠢᠯᠡᠬᠦ ᠪᠢᠴᠢᠭ ᠮᠠᠲ᠋ᠧᠷᠢᠶᠠᠯ ᠣᠯᠭᠤᠬᠤ ᠬᠡᠷᠡᠭᠲᠡᠶ᠃ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠤᠯ᠂ ᠵᠠᠰᠠᠭᠴᠢ ᠨᠢ ᠦᠷᠭᠦᠯᠵᠢᠯᠡᠨ ᠵᠠᠰᠠᠬᠤ ᠬᠡᠷᠡᠭᠲᠡᠶ᠃       【 ᠰᠠᠯᠠᠭ᠎ᠠ ᠮᠥᠴᠢᠷ ᠤᠨ ᠲᠦᠷᠢᠮ】 ︽ᠠᠰᠢᠭ ᠬᠤᠨᠵᠢᠪᠣᠷᠢ ᠶᠢᠨ ᠴᠢᠨᠠᠷᠲᠠᠶ ᠡᠯᠡᠰᠦ ᠶᠢ ᠵᠠᠰᠠᠬᠤ ᠬᠠᠮᠢᠶᠠᠷᠤᠯᠲᠠ ᠶᠢᠨ ᠠᠷᠭ᠎ᠠ︾ ︵2004 ᠣᠨ ᠤ 7 ᠰᠠᠷ᠎ᠠ ᠶᠢᠨ 1 ᠤ ᠡᠳᠦᠷ ᠤᠯᠤᠰ ᠤᠨ ᠤᠢ ᠰᠢᠭᠤᠶ ᠶᠢᠨ ᠲᠣᠪᠴᠢᠶ᠎ᠠ ᠶᠢᠨ 11 ᠳ᠋ᠦ᠋ᠭᠡᠷ ᠵᠠᠷᠯᠢᠭ ᠢᠶᠠᠷ ᠨᠡᠶᠢᠲᠡᠯᠡᠪᠡ᠃ 2004 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ︶ ᠠᠷᠪᠠᠨ ᠨᠠᠢᠮᠠᠳᠤᠭᠠᠷ ᠵᠤᠷᠪᠤᠰ᠂ ᠤᠢ ᠰᠢᠭᠤᠶ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠰᠢᠯᠭᠠᠭᠤᠯᠬᠤ ᠭᠤᠶᠤᠴᠢᠯᠠᠯ ᠢ ᠣᠯᠤᠭᠰᠠᠨ ᠤ ᠳᠠᠷᠠᠭᠠᠬᠢ 30 ᠠᠵᠢᠯ ᠤᠨ ᠡᠳᠦᠷ ᠤᠨ ᠳᠣᠲᠣᠷ᠎ᠠ᠂ ᠵᠠᠰᠠᠬᠤ ᠲᠥᠰᠦᠯ ᠳᠤ ᠲᠣᠭᠲᠠᠭᠠᠭᠰᠠᠨ ᠡᠯ᠎ᠡ ᠵᠦᠢᠯ ᠤᠨ ᠮᠡᠷᠭᠡᠵᠢᠯ ᠤᠨ ᠭᠦᠢᠴᠡᠳᠬᠡᠬᠦ ᠲᠤᠭ᠎ᠠ ᠶᠢᠨ ᠶᠣᠰᠣᠭᠠᠷ ᠪᠠᠶᠢᠴᠠᠭᠠᠵᠤ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠶ᠃        ᠰᠢᠯᠭᠠᠨ ᠠᠪᠬᠤ ᠳᠤ ᠬᠢᠷᠢ ᠲᠡᠩᠴᠡᠭᠰᠡᠳ ᠲᠤ ᠤᠢ ᠰᠢᠭᠤᠶ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠰᠠᠯᠲᠠ ᠳᠤ ᠬᠢᠷᠢ ᠲᠡᠩᠴᠡᠭᠰᠡᠨ ᠢ ᠭᠡᠷᠡᠴᠢᠯᠡᠬᠦ ᠪᠢᠴᠢᠭ ᠮᠠᠲ᠋ᠧᠷᠢᠶᠠᠯ ᠣᠯᠭᠤᠬᠤ ᠬᠡᠷᠡᠭᠲᠡᠶ᠃ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠤᠯ᠂ ᠠᠰᠢᠭ ᠬᠤᠨᠵᠢᠪᠣᠷᠢ ᠶᠢᠨ ᠴᠢᠨᠠᠷᠲᠠᠶ ᠪᠠᠷ ᠡᠯᠡᠰᠦ ᠶᠢ ᠵᠠᠰᠠᠬᠤ ᠠᠵᠢᠯ ᠢ ᠬᠢᠵᠦ ᠪᠠᠶᠢᠭ᠎ᠠ ᠨᠢᠭᠡᠴᠢ ᠪᠠ ᠬᠤᠪᠢ ᠬᠥᠮᠦᠨ ᠦᠷᠭᠦᠯᠵᠢᠯᠡᠨ ᠵᠠᠰᠠᠬᠤ ᠬᠡᠷᠡᠭᠲᠡᠶ᠃        ᠰᠢᠯᠭᠠᠨ ᠠᠪᠬᠤ ᠳᠤ ᠬᠢᠷᠢ ᠲᠡᠩᠴᠡᠭᠰᠡᠨ ᠤᠢ ᠰᠢᠭᠤᠶ᠂ ᠤᠢ ᠮᠣᠳᠣ ᠪᠠ ᠰᠢᠭᠤᠶᠢᠲᠤ ᠭᠠᠵᠠᠷ ᠲᠤ ᠠᠰᠢᠭ ᠬᠤᠨᠵᠢᠪᠣᠷᠢ ᠶᠢᠨ ᠴᠢᠨᠠᠷᠲᠠᠶ ᠪᠠᠷ ᠡᠯᠡᠰᠦ ᠶᠢ ᠵᠠᠰᠠᠬᠤ ᠠᠵᠢᠯ ᠢ ᠬᠢᠵᠦ ᠪᠠᠶᠢᠭ᠎ᠠ ᠨᠢᠭᠡᠴᠢ ᠪᠠ ᠬᠤᠪᠢ ᠬᠥᠮᠦᠨ ᠨᠢ ᠵᠠᠰᠠᠯᠲᠠ ᠳᠤ ᠬᠢᠷᠢ ᠲᠡᠩᠴᠡᠭᠰᠡᠨ ᠭᠡᠷᠡᠴᠢ ᠪᠢᠴᠢᠭ ᠮᠠᠲ᠋ᠧᠷᠢᠶᠠᠯ ᠢᠶᠠᠨ ᠦᠵᠡᠭᠦᠯᠵᠦ᠂ ᠤᠢ ᠰᠢᠭᠤᠶ᠂ ᠤᠢ ᠮᠣᠳᠣ ᠪᠠ ᠰᠢᠭᠤᠶᠢᠲᠤ ᠭᠠᠵᠠᠷ ᠤᠨ ᠡᠷᠬᠡ ᠶᠢᠨ ᠬᠠᠷᠢᠶᠠᠯᠠᠯ ᠤᠨ ᠲᠠᠩᠰᠠᠯᠠᠯᠳᠠ ᠬᠢᠯᠭᠡᠬᠦ ᠪᠠᠷ ᠬᠠᠤᠯᠢ ᠶᠣᠰᠣᠭᠠᠷ ᠭᠤᠶᠤᠴᠢᠯᠠᠬᠤ ᠬᠡᠷᠡᠭᠲᠡᠶ᠃       【 ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ】 ︽ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠲᠣᠳᠣᠷᠬᠠᠶᠢᠯᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠯ ︵2019 ᠣᠨ︶ ᠪᠠ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠤᠨ ᠭᠠᠷᠴᠠᠭ ᠢ ᠬᠦᠴᠦᠨ ᠥᠬᠡᠶ ᠪᠣᠯᠭᠠᠬᠤ ᠪᠠ ᠳᠣᠷᠣᠭᠰᠢ ᠪᠠᠭᠤᠯᠭᠠᠬᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ︹ 2019 ︺ 16 ᠳ᠋ᠤᠭᠠᠷ ᠲᠣᠭᠠᠲᠤ︶ ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 34  ᠳ᠋ᠤᠭᠠᠷ ᠴᠣᠩᠬᠤ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ  ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠵᠤ᠂ ᠵᠡᠭᠦᠨᠰᠢ100 ᠮᠧᠲᠷ ᠶᠠᠪᠤᠨ᠎ᠠ᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ ᠨᠡᠶᠢᠲᠡᠯᠡᠪᠡ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号