ᠲᠦᠷ ᠴᠠᠭ ᠤᠨ ᠴᠢᠨᠠᠷᠲᠠᠶ ᠪᠠᠷᠢᠯᠭ᠎ᠠ ᠶᠢᠨ ᠵᠦᠢᠯ ᠪᠣᠰᠬᠠᠬᠤ᠂ ᠪᠣᠳᠠᠰ ᠤᠨ ᠮᠠᠲ᠋ᠧᠷᠢᠶᠠᠯ ᠣᠪᠣᠭᠠᠯᠠᠬᠤ᠂ ᠵᠠᠮ ᠡᠵᠡᠯᠡᠨ ᠪᠠᠷᠢᠯᠭ᠎ᠠ ᠪᠠᠷᠢᠬᠤ ᠶᠢ ᠬᠢᠨᠠᠨ ᠵᠥᠪᠰᠢᠶᠡᠷᠡᠬᠦ
ᠨᠡᠶᠢᠲᠡᠯᠡᠭᠰᠡᠨ ᠴᠠᠭ᠄
2021/11/3
ᠬᠦᠯᠢᠶᠡᠨ ᠰᠢᠢᠳᠪᠦᠷᠢᠯᠡᠬᠦ ᠨᠥᠬᠦᠴᠡᠯ        ︵ᠨᠢᠭᠡ︶ ᠵᠥᠪᠰᠢᠶᠡᠷᠡᠬᠦ ᠨᠥᠬᠦᠴᠡᠯ᠄ 1.ᠣᠨᠴᠠᠭᠠᠢ ᠪᠠᠶᠢᠳᠠᠯ ᠠᠴᠠ ᠪᠣᠯᠣᠭᠠᠳ ᠬᠤᠳᠠ ᠶᠢᠨ ᠵᠠᠮ ᠢ ᠦᠨᠡᠨᠬᠦ ᠲᠥᠷ ᠴᠠᠭ ᠡᠵᠡᠯᠡᠨ ᠬᠡᠷᠡᠭᠯᠡᠬᠦ ᠴᠢᠬᠤᠯᠠ ᠲᠠᠢ ᠪᠠᠶᠢᠬᠤ᠃ 2. ᠬᠤᠳᠠ ᠶᠢᠨ ᠥᠩᠭᠡ ᠲᠦᠷᠬᠦ ᠣᠷᠴᠢᠨ ᠲᠣᠭᠤᠷᠢᠨ ᠪᠠ ᠵᠠᠮ ᠬᠠᠷᠢᠯᠴᠠᠭᠠᠨ ᠤ ᠠᠮᠤᠷ ᠲᠦᠪᠰᠢᠨ ᠢ ᠨᠥᠯᠥᠭᠡᠯᠡᠬᠦ ᠥᠬᠡᠶ᠃ ︵ᠬᠤᠶᠠᠷ︶ ᠥᠯᠥ ᠵᠥᠪᠰᠢᠶᠡᠷᠡᠬᠦ ᠪᠠᠶᠢᠳᠠᠯ᠄ 1 . ᠭᠤᠶᠤᠴᠢᠯᠠᠭᠰᠠᠨ ᠵᠦᠢᠯ ᠨᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠨ ᠤ ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠶ᠃ 2 . ᠭᠤᠶᠤᠴᠢᠯᠠᠭᠴᠢ ᠶᠢᠨ ᠳᠡᠪᠰᠢᠭᠦᠯᠦᠭᠰᠡᠨ ᠭᠤᠶᠤᠴᠢᠯᠠᠯ ᠤᠨ ᠮᠠᠲ᠋ᠧᠷᠢᠶᠠᠯ ᠨᠢ ᠬᠤᠳᠠᠯ ᠬᠠᠭᠤᠷᠮᠠᠭ᠃ ︵ᠭᠤᠷᠪᠠ︶ ᠲᠣᠳᠣᠷᠬᠠᠶᠢᠯᠠᠬᠤ ᠴᠢᠬᠤᠯᠠᠲᠠᠶ ᠪᠤᠰᠤᠳ ᠪᠠᠶᠢᠳᠠᠯ᠄ ᠬᠢᠨᠠᠨ ᠵᠥᠪᠰᠢᠶᠡᠷᠡᠬᠦ ᠲᠤᠭ᠎ᠠ ᠬᠡᠮᠵᠢᠶᠡᠨ ᠤ ᠬᠢᠵᠠᠭᠠᠷᠯᠠᠯ ᠪᠠᠶᠢᠬᠤ ᠦᠭᠡᠢ᠃   ᠲᠣᠭᠲᠠᠭᠠᠭᠰᠠᠨ ᠦᠨᠳᠦᠰᠦᠯᠡᠯ        ︽ᠬᠤᠳᠠ ᠶᠢᠨ ᠥᠩᠭᠡ ᠲᠦᠷᠬᠦ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠲᠦᠷᠢᠮ︾ ︵1992 ᠣᠨ ᠤ 6 ᠰᠠᠷ᠎ᠠ ᠶᠢᠨ 28 ᠤ ᠡᠳᠦᠷ ᠤᠨ ᠲᠦᠷᠤ ᠶᠢᠨ ᠶᠠᠪᠤᠳᠠᠯ ᠤᠨ ᠬᠤᠷᠢᠶᠠᠨ ᠤ ᠵᠠᠷᠯᠢᠭ 101 ᠳ᠋ᠦ᠋ᠭᠡᠷ ᠲᠣᠭᠠᠲᠤ᠂ 2011 ᠣᠨ ᠤ 1 ᠰᠠᠷ᠎ᠠ ᠶᠢᠨ 1 ᠤ ᠡᠳᠦᠷ ᠵᠠᠰᠠᠪᠤᠷᠢ ᠣᠷᠣᠭᠤᠯᠪᠠ︶ ᠤᠨ ᠠᠷᠪᠠᠨ ᠳᠥᠷᠪᠡᠳᠦᠭᠡᠷ  ᠵᠤᠷᠪᠤᠰ᠂ ᠶᠠᠮᠠᠷᠪᠠ ᠪᠠᠶᠢᠭᠤᠯᠭ᠎ᠠ ᠨᠢᠭᠡᠴᠢ ᠪᠠ ᠬᠤᠪᠢ ᠬᠥᠮᠦᠨ ᠴᠥᠮ ᠵᠡᠭᠡᠯᠢ ᠭᠤᠳᠤᠮᠵᠢ ᠶᠢᠨ ᠬᠤᠶᠠᠷ ᠲᠠᠯ᠎ᠠ ᠪᠠ ᠤᠯᠠᠨ ᠨᠡᠶᠢᠲᠡ ᠶᠢᠨ ᠲᠠᠯᠠᠪᠤᠷ ᠲᠤ ᠡᠳ᠋ ᠪᠣᠳᠠᠰ ᠣᠪᠣᠭᠠᠯᠠᠵᠤ᠂ ᠪᠠᠷᠢᠯᠭ᠎ᠠ  ᠪᠣᠰᠬᠠᠬᠤ᠂ ᠪᠠᠷᠢᠯᠭ᠎ᠠ ᠶᠢᠨ ᠵᠦᠢᠯ ᠪᠤᠶᠤ ᠪᠤᠰᠤᠳ ᠲᠥᠬᠦᠭᠡᠷᠦᠮᠵᠢ ᠶᠢ ᠪᠠᠶᠢᠭᠤᠯᠵᠤ ᠪᠣᠯᠬᠤ ᠦᠭᠡᠢ᠃ ᠪᠦᠳᠦᠭᠡᠨ ᠪᠠᠶᠢᠭᠤᠯᠬᠤ ᠵᠡᠷᠭᠡ ᠣᠨᠴᠠᠭᠠᠶ ᠬᠡᠷᠡᠭᠴᠡᠭᠡ ᠠᠴᠠ ᠪᠤᠯᠵᠤ᠂ ᠵᠡᠭᠡᠯᠢ ᠭᠤᠳᠤᠮᠵᠢ ᠶᠢᠨ ᠬᠤᠶᠠᠷ ᠲᠠᠯ᠎ᠠ ᠪᠠ ᠤᠯᠠᠨ ᠨᠡᠶᠢᠲᠡ ᠶᠢᠨ ᠲᠠᠯᠠᠪᠤᠷ ᠲᠤ ᠲᠦᠷ ᠴᠠᠭ ᠪᠣᠳᠠᠰ ᠤᠨ ᠮᠠᠲ᠋ᠧᠷᠢᠶᠠᠯ ᠣᠪᠣᠭᠠᠯᠠᠬᠤ᠂ ᠲᠦᠷ ᠴᠠᠭ ᠤᠨ ᠴᠢᠨᠠᠷᠲᠠᠢ ᠪᠠᠷᠢᠯᠭ᠎ᠠ ᠪᠣᠰᠬᠠᠬᠤ᠂ ᠪᠠᠷᠢᠯᠭ᠎ᠠ ᠶᠢᠨ ᠵᠦᠢᠯ ᠪᠤᠶᠤ ᠪᠤᠰᠤᠳ ᠲᠥᠬᠦᠭᠡᠷᠦᠮᠵᠢ ᠶᠢ ᠪᠠᠶᠢᠭᠤᠯᠬᠤ ᠳᠤ ᠬᠦᠷᠪᠡᠯ᠂ ᠡᠷᠬᠡᠪᠰᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠬᠤᠳᠠ ᠶᠢᠨ ᠥᠩᠭᠡ ᠲᠦᠷᠬᠦ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠯ ᠢ ᠣᠯᠤᠭᠰᠠᠨ ᠤ ᠲᠠᠷᠠᠭ᠎ᠠ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠬᠢᠬᠦ ᠬᠡᠷᠡᠭᠲᠡᠶ᠃ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 46 — 50 ᠳ᠋ᠤᠭᠠᠷ ᠴᠣᠩᠬᠤ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠨ᠎ᠠ᠃ 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ  ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ ᠨᠡᠶᠢᠲᠡᠯᠡᠪᠡ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号