ᠮᠠᠯᠴᠢᠨ ᠲᠠᠷᠢᠶᠠᠴᠢᠳ ᠤᠨ ︽ᠰᠡᠳᠬᠢᠯ ᠢ ᠲᠤᠯᠠᠭᠠᠴᠠᠭᠤᠯᠤᠭᠰᠠᠨ ᠨᠡᠭᠦᠷᠡᠰᠦ︾ ᠢᠷᠡᠯ᠎ᠠ
ᠨᠡᠶᠢᠲᠡᠯᠡᠭᠰᠡᠨ ᠴᠠᠭ᠄
2021/11/30
       11 ᠰᠠᠷ᠎ᠠ ᠶᠢᠨ 27 ᠤ ᠡᠳᠦᠷ᠂ ᠡᠩ ᠤᠨ ᠦᠨ᠎ᠡ ᠶᠢᠨ ᠨᠡᠭᠦᠷᠡᠰᠦ ᠠᠴᠢᠭᠰᠠᠨ 3 ᠠᠴᠢᠶᠠᠨ ᠤ ᠮᠠᠰᠢᠨ ᠲᠡᠷᠭᠡ ᠶᠤᠸᠠᠨ ᠪᠦᠦ ᠱᠠᠨ ᠲᠣᠭᠤᠷᠢᠭ ᠤᠨ ᠵᠠᠳᠠᠭᠠᠶ ᠨᠡᠭᠦᠷᠡᠰᠦᠨ ᠠᠭᠤᠷᠬᠠᠶ ᠠᠴᠠ ᠮᠠᠨ ᠤ ᠬᠤᠰᠢᠭᠤᠨ ᠤ ᠲᠤᠭᠳᠠᠮᠠᠯ ᠨᠡᠭᠦᠷᠡᠰᠦ ᠬᠠᠳᠠᠭᠠᠯᠠᠬᠤ ᠴᠡᠭ ᠲᠤ ᠢᠷᠡᠵᠦ᠂ ᠠᠴᠢᠶ᠎ᠠ ᠪᠠᠨ ᠪᠠᠭᠤᠯᠭᠠᠵᠤ ᠡᠬᠢᠯᠡᠪᠡ᠃  
       ᠡᠨᠡ ᠵᠢᠯ ᠤᠨ 11 ᠳ᠋ᠤᠭᠡᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠮᠠᠯᠴᠢᠨ ᠲᠠᠷᠢᠶᠠᠴᠢᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠡᠷᠦᠬᠡ ᠪᠦᠷᠢ ᠳᠤ ᠬᠠᠮᠤᠭ ᠨᠠᠭᠠᠳᠤ ᠵᠠᠬ᠎ᠠ  ᠳᠠᠭᠠᠨ 2 ᠲᠣᠨ ᠡᠩ ᠤᠨ ᠦᠨ᠎ᠡ ᠶᠢᠨ ᠨᠡᠭᠦᠷᠡᠰᠦ ᠬᠠᠩᠭᠠᠬᠤ ᠪᠠᠷ ᠲᠣᠭᠲᠠᠪᠠ᠃ ᠬᠤᠰᠢᠭᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠥᠪᠡᠷᠲᠡᠭᠡᠨ ᠵᠠᠰᠠᠬᠤ ᠣᠷᠣᠨ ᠪᠠ ᠤᠯᠠᠭᠠᠨᠬᠠᠳᠠ ᠬᠤᠲᠠ ᠶᠢᠨ ᠬᠤᠯᠪᠣᠭᠳᠠᠯ ᠪᠥᠬᠦᠶ ᠮᠡᠳᠡᠭᠳᠡᠯ ᠤᠨ ᠱᠠᠭᠠᠷᠳᠠᠯᠭ᠎ᠠ ᠶᠣᠰᠣᠭᠠᠷ᠂ ᠳᠠᠷᠤᠶ ᠲᠦᠷᠭᠡᠨ ᠳᠣᠭᠢᠷᠠᠭᠤᠯᠤᠨ ᠪᠠᠶᠢᠷᠢᠯᠠᠭᠤᠯᠵᠤ᠂ ᠠᠵᠢᠯ ᠤᠨ ᠲᠤᠰᠬᠠᠶ ᠠᠩᠭᠢ ᠪᠠᠶᠢᠭᠤᠯᠤᠨ᠂ ᠬᠡᠷᠡᠭᠵᠢᠭᠦᠯᠬᠦ ᠲᠥᠰᠦᠯ ᠢ ᠨᠡᠶᠢᠲᠡᠯᠡᠵᠦ᠂ ᠬᠤᠲᠠ ᠶᠢᠨ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠨᠡᠭᠦᠷᠡᠰᠦ ᠬᠠᠩᠭᠠᠬᠤ ᠠᠵᠤ ᠠᠬᠤᠶᠢᠯᠠᠯ ᠪᠣᠯᠬᠤ ᠫᠢᠩ ᠮᠧᠶ ᠪᠦᠯᠦᠭᠯᠡᠯ ᠲᠠᠢ ᠵᠣᠯᠭᠠᠭᠤᠯᠬᠤ ᠠᠵᠢᠯ ᠢ ᠢᠳᠡᠪᠬᠢᠲᠡᠶ ᠥᠷᠨᠢᠭᠦᠯᠵᠦ᠂ ᠪᠥᠬᠦ ᠬᠤᠰᠢᠭᠤᠨ ᠤ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠯᠭ᠎ᠠ ᠳᠤ ᠬᠡᠷᠡᠭᠯᠡᠬᠦ ᠨᠡᠬᠦᠷᠡᠰᠦ ᠪᠠᠶᠢᠬᠤ᠂ ᠨᠡᠭᠦᠷᠡᠰᠦ ᠬᠤᠳᠠᠯᠳᠤᠨ ᠠᠪᠴᠤ ᠲᠡᠶᠢᠯᠬᠦ ᠶᠢ ᠦᠨᠡᠨ ᠬᠦ ᠪᠠᠳᠤᠯᠠᠵᠤ᠂ ᠮᠠᠯᠴᠢᠨ ᠲᠠᠷᠢᠴᠢᠨ ᠢ ᠲᠤᠯᠠᠭᠠᠨ ᠲᠠᠪᠠᠳᠠᠢ ᠡᠪᠤᠯᠵᠢᠬᠦᠯᠬᠦ ᠪᠠᠷ ᠪᠠᠶᠢᠨ᠎ᠠ᠃
       ᠤᠶᠢᠯᠠᠭᠠᠭᠰᠠᠨ ᠢᠶᠠᠷ᠂ ᠨᠡᠭᠦᠷᠡᠰᠦ ᠬᠠᠩᠭᠠᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠶᠢᠨ ᠲᠤᠰᠠᠳᠠ᠂ ᠮᠠᠯᠴᠢᠨ ᠲᠠᠷᠢᠶᠠᠴᠢᠳ ᠤᠨ ᠰᠠᠶᠢᠨ ᠳᠤᠷ᠎ᠠ ᠠᠴᠠ ᠪᠠᠨ ᠬᠤᠳᠠᠯᠳᠤᠨ ᠠᠪᠬᠤ ᠵᠠᠷᠴᠢᠮ ᠶᠣᠰᠣᠭᠠᠷ᠂ ᠡᠯ᠎ᠡ ᠭᠠᠵᠠᠷ ᠣᠷᠣᠨ ᠤ ᠮᠠᠯᠴᠢᠨ ᠲᠠᠷᠢᠶᠠᠴᠢᠳ ᠤᠨ ᠨᠡᠭᠦᠷᠡᠰᠦ ᠬᠤᠳᠠᠯᠳᠤᠨ ᠠᠪᠬᠤ ᠵᠣᠭᠤᠰ ᠢ ᠡᠯ᠎ᠡ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠨᠢᠭᠡᠳᠦᠯᠲᠡᠶ ᠬᠤᠷᠢᠶᠠᠨ ᠠᠪᠴᠤ᠂ ᠨᠢᠭᠡᠳᠦᠯᠲᠡᠶ ᠥᠭᠴᠦ᠂ ᠵᠢᠭᠠᠨ ᠲᠣᠭᠲᠠᠭᠠᠭᠰᠠᠨ ᠨᠡᠭᠦᠷᠡᠰᠦ ᠬᠠᠳᠠᠭᠠᠯᠠᠬᠤ ᠭᠠᠵᠠᠷ ᠲᠤ ᠨᠢᠭᠡᠳᠦᠯᠲᠡᠶ ᠬᠤᠳᠠᠯᠳᠤᠨ᠎ᠠ᠃  
       ᠮᠠᠨ ᠤ ᠬᠤᠰᠢᠭᠤᠨ ᠤ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠠᠵᠢᠯ ᠤᠨ ᠲᠤᠰᠬᠠᠶ ᠠᠩᠭᠢ ᠶᠢᠨ  ᠬᠠᠷᠢᠭᠤᠴᠠᠯᠭᠠᠳᠠᠨ ᠠᠴᠠ ᠤᠶᠢᠯᠠᠭᠠᠭᠰᠠᠨ ᠢᠶᠠᠷ᠂  ᠮᠠᠨ ᠤ ᠬᠤᠰᠢᠭᠤᠨ ᠳᠤ ᠬᠡᠷᠡᠭᠯᠡᠬᠦ ᠡᠨᠡᠬᠦ ᠨᠡᠭᠦᠷᠡᠰᠦ ᠶᠢ ᠴᠦᠮ ᠶᠤᠸᠠᠨ ᠪᠦᠦ ᠱᠠᠨ ᠤ ᠵᠠᠳᠠᠭᠠᠶ ᠠᠭᠤᠷᠬᠠᠶ ᠠᠴᠠ ᠵᠥᠭᠡᠭᠡᠪᠦᠷᠢᠯᠡᠵᠦ ᠠᠪᠴᠢᠷᠠᠭᠰᠠᠨ ᠬᠤᠯᠢᠮᠠᠭ ᠨᠡᠭᠦᠷᠡᠰᠦ ᠪᠣᠯᠤᠨ᠎ᠠ᠂ ᠳᠠᠷᠤᠶ ᠶᠠᠮᠠᠷ ᠴᠤ ᠰᠢᠭᠰᠢᠨ ᠰᠣᠩᠭᠤᠯᠲᠠ ᠬᠢᠭᠰᠡᠨ ᠥᠬᠡᠶ ᠢᠶᠠᠷ ᠮᠠᠯᠲᠠᠵᠤ ᠭᠠᠷᠭᠠᠭᠰᠠᠨ ᠨᠡᠬᠦᠷᠡᠰᠦ ᠪᠤᠯᠤᠨ᠎ᠠ᠃ ᠨᠡᠭᠦᠷᠡᠰᠦᠨ ᠤ ᠦᠨ᠎ᠡ ᠬᠠᠩᠰᠢ ᠶᠢᠨ ᠲᠠᠯ᠎ᠠ ᠳᠤ᠂ ᠫᠢᠩ ᠮᠧᠶ ᠪᠦᠯᠦᠭᠯᠡᠯ ᠤᠨ 2020 ᠣᠨ ᠤ 10 ᠰᠠᠷ᠎ᠠ ᠶᠢᠨ ᠰᠡᠭᠦᠯᠴᠢ ᠶᠢᠨ ᠦᠨ᠎ᠡ ᠬᠠᠩᠰᠢ ᠶᠢᠨ ᠰᠠᠭᠤᠷᠢᠨ ᠳᠡᠭᠡᠷ᠎ᠡ᠂ 20 % ᠠᠴᠠ ᠬᠡᠲᠦᠷᠡᠭᠦᠯᠬᠦ ᠥᠬᠡᠶ ᠪᠠᠷᠢᠮᠵᠢᠶ᠎ᠠ ᠪᠠᠷ ᠲᠣᠨ ᠪᠦᠷᠢ ᠳᠡᠭᠡᠨ 437 ᠲᠥᠭᠦᠷᠢᠭ ᠪᠠᠶᠢᠵᠤ᠂ ᠡᠭᠦᠨ ᠤ ᠳᠡᠭᠡᠷ᠎ᠡ ᠨᠡᠭᠦᠷᠡᠰᠦᠨ ᠲᠠᠯᠠᠪᠠᠶ ᠶᠢ ᠲᠦᠷᠢᠶᠡᠰᠦᠯᠡᠨ ᠬᠡᠷᠡᠭᠯᠡᠬᠦ᠂ ᠠᠴᠢᠵᠤ ᠪᠠᠭᠤᠯᠭᠠᠬᠤ᠂ ᠵᠠᠮ ᠤᠨ ᠵᠠᠷᠤᠳᠠᠯ ᠵᠡᠷᠭᠡ ᠡᠯ᠎ᠠ ᠵᠤᠶᠢᠯ ᠤᠨ ᠰᠤᠶᠢᠳᠭᠡᠯ ᠢ ᠪᠤᠳᠤᠪᠠᠯ ᠴᠢᠪᠠᠭ᠎ᠠ ᠪᠠᠯᠭᠠᠰᠤᠨ ᠠᠴᠠ ᠨᠡᠭᠦᠷᠡᠰᠦ ᠬᠤᠳᠠᠯᠳᠤᠨ ᠠᠪᠬᠤ ᠪᠣᠳᠠᠲᠠᠶ ᠦᠨ᠎ᠡ ᠬᠠᠩᠰᠢ ᠨᠢ ᠲᠣᠨ ᠪᠦᠷᠢ ᠳᠡᠭᠡᠨ 572 ᠲᠥᠭᠦᠷᠢᠭ  ᠪᠣᠯᠤᠨ᠎ᠠ᠃ 11 ᠰᠠᠷ᠎ᠠ ᠶᠢᠨ 26 ᠤ ᠡᠳᠦᠷ ᠪᠣᠯᠲᠠᠯ᠎ᠠ ᠂ ᠮᠠᠨ ᠤ ᠬᠤᠰᠢᠭᠤ ᠨᠢᠭᠡᠨᠲᠡ 858 ᠡᠷᠦᠬᠡ ᠮᠠᠯᠴᠢᠨ ᠲᠠᠷᠢᠶᠠᠴᠢᠨ ᠳᠤ 1642 ᠲᠣᠨ ᠨᠡᠭᠦᠷᠡᠰᠦ ᠲᠠᠷᠬᠠᠭᠠᠪᠠ᠃ ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤᠨ ᠤ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠠᠵᠢᠯ ᠤᠨ ᠲᠤᠰᠬᠠᠶ ᠠᠩᠭᠢ ᠨᠢ ᠫᠢᠩ ᠮᠧᠶ ᠪᠦᠯᠦᠭᠯᠡᠯ ᠲᠠᠢ ᠢᠳᠡᠪᠬᠢᠲᠡᠶ ᠵᠣᠬᠢᠴᠠᠭᠤᠯᠵᠤ᠂ ᠫᠢᠩ ᠮᠧᠶ ᠪᠦᠯᠦᠭᠯᠡᠯ ᠤᠨ ᠬᠠᠩᠭᠠᠵᠤ ᠳᠡᠶᠢᠯᠬᠦ ᠨᠡᠭᠦᠷᠡᠰᠦ ᠶᠢ ᠲᠡᠷᠡ ᠳᠠᠷᠤᠶ ᠳᠤᠨᠢ ᠴᠢᠪᠠᠭ᠎ᠠ ᠳᠤ ᠬᠦᠷᠭᠡᠬᠦ ᠪᠠᠷ ᠪᠤᠢ᠃ ︵ ᠶᠢᠨ ᠵᠤ᠋᠂ ᠶᠠᠩ ᠮᠢᠩ ᠢᠤᠢ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号