ᠠᠷᠤ ᠬᠤᠷᠴᠢᠨ ᠬᠤᠰᠢᠭᠤ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢᠨ ︽ᠬᠠᠮ ᠠᠷᠭ᠎ᠠ︾ ᠪᠠᠷ | ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ︽ᠬᠡᠯᠬᠢᠶ᠎ᠡ ᠬᠥᠭᠦᠷᠭᠡ︾ ᠶᠢ ᠪᠤᠰᠬᠠᠪᠠ᠃ 2018 ᠣᠨ ᠳᠤ | ᠠᠷᠤ ᠬᠤᠷᠴᠢᠨ ᠬᠤᠰᠢᠭᠤ ᠲᠠᠢ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠲᠣᠭᠲᠠᠴᠠ ᠶᠢ | ᠪᠠᠶᠢᠭᠤᠯᠤᠭᠰᠠᠨ ᠠᠴᠠ ᠨᠠᠰᠢ᠂ ᠪᠡᠭᠡᠵᠢᠩ ᠤᠨ ᠴᠠᠩᠫᠢᠩ ᠲᠣᠭᠤᠷᠢᠭ ᠤᠨ ᠬᠢᠨ ᠲᠤᠬᠠᠶ ᠶᠢᠨ ᠭᠠᠵᠠᠷ ᠤᠨ ᠣᠯᠠᠨ | ᠲᠦᠮᠡᠨ ᠤ ᠣᠷᠣᠯᠭ᠎ᠠ ᠶᠢᠨ ᠨᠡᠮᠡᠭᠳᠡᠯ ᠢ ᠢᠮᠠᠭᠲᠠ ᠲᠡᠷᠢᠭᠦᠨ ᠴᠢᠬᠤᠯᠠ ᠬᠠᠷᠠᠯᠲᠠ ᠪᠠᠨ ᠪᠣᠯᠭᠠᠵᠤ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠤᠬᠠᠢ ᠶᠢᠨ ᠭᠠᠵᠠᠷ ᠤᠨ ᠠᠷᠠᠳ ᠤᠯᠠᠨ ᠤ ︽ᠬᠡᠷᠡᠭᠴᠡᠭᠡ︾ ᠪᠠ | ︽ᠴᠢᠳᠠᠯ︾ ᠢ ᠭᠦᠨᠵᠡᠭᠡᠢ ᠵᠠᠳᠠᠯᠤᠨ ᠰᠢᠨᠵᠢᠯᠡᠵᠦ᠂ ᠪᠡᠯᠡ ᠮᠥᠩᠭᠦ ᠶᠢᠨ ᠣᠷᠣᠭᠤᠯᠤᠯᠲᠠ ᠪᠠᠨ ᠦᠷᠭᠦᠯᠵᠢᠯᠡᠨ | ᠨᠡᠮᠡᠭᠳᠡᠭᠦᠯᠵᠦ᠂ ᠬᠠᠮᠵᠢᠯᠴᠠᠬᠤ ᠬᠦᠷᠢᠶ᠎ᠡ ᠬᠡᠪᠴᠢᠶ᠎ᠡ ᠶᠢ ᠭᠦᠨᠵᠡᠭᠡᠢ ᠥᠷᠭᠡᠳᠬᠡᠵᠦ᠂ ᠬᠥᠳᠡᠯᠮᠦᠷᠢ ᠦᠢᠯᠡᠴᠢᠯᠡᠭᠡᠨ ᠤ | ᠬᠠᠮᠵᠢᠯᠴᠠᠭ᠎ᠠ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠂ ᠠᠵᠢᠯ ᠣᠯᠭᠤᠯᠲᠠ ᠶᠢᠨ ᠲᠠᠪᠴᠠᠩ ᠢ ᠪᠠᠶᠢᠭᠤᠯᠬᠤ ᠠᠴᠠ | ᠠᠵᠢᠯ ᠣᠯᠭᠤᠯᠲᠠ ᠶᠢᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠬᠦᠷᠲᠡᠯ᠎ᠡ᠂ ᠲᠠᠬᠢᠨ ᠠᠵᠢᠯ ᠣᠯᠭᠤᠯᠲᠠ ᠶᠢᠨ | ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠬᠦᠷᠲᠡᠯ᠎ᠡ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ | ︽ᠬᠡᠯᠬᠢᠶ᠎ᠡ ᠬᠥᠭᠦᠷᠭᠡ︾ ᠶᠢ ᠪᠤᠰᠬᠠᠵᠤ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠳᠤ | ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠣᠲᠣ ᠪᠣᠯᠲᠠᠯ᠎ᠠ᠂ ᠪᠥᠬᠦ ᠬᠤᠰᠢᠭᠤᠨ ᠤ ᠬᠢᠨ ᠪᠡᠭᠡᠵᠢᠩ | ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭᠠᠨ ᠤ ᠲᠠᠪᠴᠠᠩ ᠢᠶᠠᠷ ᠳᠠᠮᠵᠢᠭᠤᠯᠤᠨ ᠮᠤᠵᠢ ᠶᠢᠨ | ᠭᠠᠳᠠᠨ᠎ᠠ 230 ᠬᠥᠮᠦᠨ᠂ ᠪᠡᠭᠡᠵᠢᠩ ᠳᠤ 61 ᠬᠥᠮᠦᠨ ᠬᠥᠯᠥᠰᠥᠨ ᠠᠵᠢᠯ ᠬᠢᠵᠦ᠂ ᠪᠡᠭᠡᠵᠢᠩ ᠳᠤ ᠣᠷᠣᠵᠤ | ᠬᠥᠯᠥᠰᠥᠨ ᠠᠵᠢᠯ ᠬᠢᠭᠰᠡᠳ ᠤᠨ ᠰᠠᠷ᠎ᠠ ᠶᠢᠨ ᠴᠠᠯᠢᠩ ᠨᠢ ᠴᠥᠮ 4500 ᠲᠥᠭᠦᠷᠢᠭ ᠠᠴᠠ ᠳᠡᠭᠡᠭᠰᠢ ᠪᠠᠶᠢᠵᠤ᠂ | ᠬᠥᠯᠥᠰᠥᠨ ᠠᠵᠢᠯ ᠬᠢᠭᠰᠡᠳ ᠤᠨ ᠣᠷᠣᠯᠭ᠎ᠠ ᠨᠢ ᠲᠣᠭᠲᠠᠭᠤᠨ ᠢᠶᠠᠷ ᠳᠡᠭᠡᠭᠰᠢᠯᠡᠭᠰᠡᠨ ᠪᠠᠶᠢᠨ᠎ᠠ᠃ | |