ᠠᠷᠤ ᠬᠤᠷᠴᠢᠨ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠤ ᠰᠦᠯᠵᠢᠶᠡᠨ ᠳᠡᠭᠡᠷ᠎ᠡ ᠬᠢᠨᠠᠨ | ᠵᠥᠪᠰᠢᠶᠡᠷᠡᠬᠦ ᠪᠠ ᠡᠯᠧᠺᠲᠷᠣᠨ ᠦᠨᠡᠮᠯᠡᠯ ᠢ ᠬᠢᠨᠠᠨ ᠣᠯᠭᠤᠬᠤ ᠠᠵᠢᠯ ᠢ ᠢᠳᠡᠪᠬᠢᠲᠡᠶ ᠠᠬᠢᠭᠤᠯᠵᠤ ᠪᠠᠶᠢᠨ᠎ᠠ᠃ | ᠨᠢᠭᠡ ᠳᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠷ ᠴᠢᠩᠭ᠎ᠠ᠂ ᠠᠵᠢᠯ ᠤᠨ ᠬᠡᠪ ᠴᠢᠨᠠᠷ ᠢᠶᠠᠷ ᠥᠨᠳᠥᠷ | ᠨᠥᠬᠦᠳ ᠢ ᠰᠣᠩᠭᠤᠨ ᠲᠣᠮᠢᠯᠠᠵᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠰᠦᠯᠵᠢᠶᠡᠨ ᠳᠡᠭᠡᠷ᠎ᠡ | ᠬᠢᠨᠠᠨ ᠵᠥᠪᠰᠢᠶᠡᠷᠡᠬᠦ ᠠᠵᠢᠯ ᠬᠢᠯᠭᠡᠪᠡ᠃ ᠣᠲᠣ ᠪᠣᠯᠲᠠᠯ᠎ᠠ᠂ ᠭᠠᠵᠠᠷ ᠬᠡᠷᠡᠭᠯᠡᠬᠦ ᠶᠢ ᠤᠷᠢᠳᠴᠢᠯᠠᠨ ᠬᠢᠨᠠᠬᠤ ᠪᠠ ᠭᠠᠵᠠᠷ | ᠰᠣᠩᠭᠤᠬᠤ᠂ ᠭᠠᠵᠠᠷ ᠬᠡᠷᠡᠭᠯᠡᠬᠦ ᠲᠥᠯᠥᠪᠵᠢᠭᠦᠯᠭᠡ ᠶᠢᠨ ᠵᠥᠪᠰᠢᠶᠡᠷᠡᠯ᠂ ᠪᠠᠷᠢᠯᠭ᠎ᠠ ᠶᠢᠨ ᠲᠥᠯᠥᠪᠵᠢᠭᠦᠯᠭᠡ ᠶᠢᠨ | ᠵᠥᠪᠰᠢᠶᠡᠷᠡᠯ᠂ ᠪᠠᠷᠢᠯᠭ᠎ᠠ ᠳᠠᠭᠤᠰᠬᠠᠬᠤ ᠲᠥᠯᠥᠪᠵᠢᠭᠦᠯᠭᠡ ᠶᠢᠨ ᠬᠢᠨᠠᠨ ᠬᠠᠷᠭᠤᠭᠤᠯᠤᠯᠲᠠ ᠵᠡᠷᠭᠡ ᠰᠦᠯᠵᠢᠶᠡᠨ | ᠳᠡᠭᠡᠷ᠎ᠡ ᠬᠢᠨᠠᠨ ᠵᠥᠪᠰᠢᠶᠡᠷᠡᠬᠦ ᠠᠵᠢᠯ ᠢ 200 ᠭᠠᠷᠤᠶ ᠪᠡᠶᠡᠯᠡᠭᠦᠯᠵᠦ᠂ ᠴᠣᠩᠬᠤᠪᠴᠢ ᠪᠠᠷ ᠣᠷᠣᠭᠤᠯᠬᠤ᠂ ᠬᠡᠯᠲᠡᠰ | ᠲᠠᠰᠤᠭ ᠤᠨ ᠰᠦᠯᠵᠢᠶᠡᠨ ᠳᠡᠭᠡᠷᠡᠬᠢ ᠬᠢᠨᠠᠨ ᠬᠠᠷᠭᠤᠭᠤᠯᠤᠯᠲᠠ᠂ ᠠᠷᠤ ᠲᠠᠯ᠎ᠠ ᠶᠢᠨ ᠰᠦᠯᠵᠢᠶᠡᠨ ᠳᠡᠭᠡᠷᠡᠬᠢ ᠬᠢᠨᠠᠨ | ᠵᠥᠪᠰᠢᠶᠡᠷᠡᠬᠦ ᠶᠠᠪᠤᠴᠠ ᠶᠢ ᠪᠦᠬᠦᠨ ᠢ ᠪᠡᠶᠡᠯᠡᠭᠦᠯᠵᠦ᠂ ᠠᠭᠤᠯᠵᠠᠬᠤ ᠦᠭᠡᠢ ᠪᠠᠷ ᠬᠢᠨᠠᠨ ᠵᠥᠪᠰᠢᠶᠡᠷᠡᠬᠦ | ᠱᠠᠭᠠᠷᠳᠠᠯᠭ᠎ᠠ ᠳᠤ ᠭᠦᠷᠦᠭᠰᠡᠨ ᠪᠠᠶᠢᠨ᠎ᠠ᠃ ᠬᠤᠶᠠᠷ ᠲᠤ᠂ ᠡᠯᠧᠺᠲᠷᠣᠨ ᠲᠠᠮᠠᠭ᠎ᠠ ᠳᠠᠷᠤᠬᠤ ᠰᠢᠰᠲ᠋ᠧᠮ ᠤᠨ | ᠪᠠᠶᠢᠭᠤᠯᠤᠯᠲᠠ ᠶᠢ ᠲᠡᠭᠦᠯᠳᠡᠷᠵᠢᠭᠦᠯᠪᠡ᠃ ᠦᠨᠡᠮᠯᠡᠯ ᠤᠨ ᠡᠯᠧᠺᠲᠷᠣᠨ ᠲᠠᠮᠠᠭ᠎ᠠ ᠳᠠᠷᠤᠬᠤ ᠬᠡᠯᠪᠡᠷᠢ ᠪᠠᠷ | ᠲᠠᠷᠬᠠᠭᠠᠬᠤ ᠶᠢ ᠪᠡᠶᠡᠯᠡᠭᠦᠯᠪᠡ᠃ ᠣᠲᠣ ᠪᠣᠯᠲᠠᠯ᠎ᠠ᠂ ᠡᠯᠧᠺᠲᠷᠣᠨ ᠦᠨᠡᠮᠯᠡᠯ ᠣᠯᠭᠤᠬᠤ ᠰᠢᠰᠲ᠋ᠧᠮ ᠳᠤ ᠡᠯᠧᠺᠲᠷᠣᠨ | ᠦᠨᠡᠮᠯᠡᠯ ᠢ ᠨᠡᠶᠢᠲᠡ 114 ᠳᠡᠪᠲᠡᠷ ᠲᠠᠷᠬᠠᠭᠠᠵᠤ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ | 100% ᠳᠤ ᠬᠦᠷᠴᠡᠶ᠃ ᠭᠤᠷᠪᠠ ᠳᠤ᠂ ᠪᠤᠢ ᠪᠦᠬᠦᠢ ᠣᠷᠣᠵᠤ ᠰᠠᠭᠤᠷᠢᠰᠢᠬᠤ ᠵᠦᠢᠯᠡᠰ ᠤᠨ ᠪᠠᠶᠢᠳᠠᠯ ᠢ ᠡᠮᠬᠢᠯᠡᠨ | ᠲᠢᠭᠯᠡᠬᠦ ᠶᠢᠨ ᠬᠠᠮᠲᠤ ᠨᠡᠶᠢᠲᠡᠯᠡᠨ ᠬᠡᠷᠡᠭᠵᠢᠭᠦᠯᠵᠦ᠂ ᠠᠵᠤ ᠠᠬᠤᠶᠢᠯᠠᠯ᠂ ᠤᠯᠠᠨ ᠲᠦᠮᠡᠨ ᠤ ᠠᠵᠢᠯ ᠶᠠᠪᠤᠳᠠᠯ | ᠡᠷᠬᠢᠯᠡᠬᠦ ᠳᠤ ᠲᠦᠬᠦᠮ ᠦᠵᠡᠭᠦᠯᠬᠦ ᠬᠡᠮᠵᠢᠶ᠎ᠡ ᠪᠠ ᠢᠯᠡ ᠲᠣᠳᠣ ᠶᠢᠨ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠪᠡ᠃ | |