ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠰᠢᠭᠤ ᠱᠠᠲᠤᠨ ᠤ ᠠᠷᠠᠳ ᠤᠨ ᠲᠥᠯᠥᠭᠡᠯᠡᠭᠴᠢ ᠶᠢᠨ ᠪᠢᠯᠧᠲ ᠢᠶᠠᠷ ᠰᠢᠶᠳᠪᠦᠷᠢ ᠭᠠᠷᠭᠠᠭᠰᠠᠨ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠥᠷᠥᠯ ᠵᠦᠶᠯ ᠤᠨ ᠠᠵᠢᠯ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠦᠵᠡᠪᠡ
ᠨᠡᠶᠢᠲᠡᠯᠡᠭᠰᠡᠨ ᠴᠠᠭ᠄
2021/11/30
       11 ᠰᠠᠷ᠎ᠠ ᠶᠢᠨ 26 ᠤ ᠡᠳᠦᠷ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠤᠣ ᠢᠤᠢ ᠬᠡᠰᠡᠭ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠵᠢᠴᠢ ᠬᠤᠲᠠ ᠬᠤᠰᠢᠭᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠳᠠᠭᠠᠭᠤᠯᠤᠨ᠂ 2021 ᠣᠨ ᠤ ᠬᠤᠰᠢᠭᠤ ᠱᠠᠲᠤᠨ  ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠢᠶᠠᠷ ᠰᠢᠶᠳᠪᠦᠷᠢ ᠭᠠᠷᠭᠠᠭᠰᠠᠨ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠥᠷᠥᠯ ᠵᠦᠶᠯ ᠢ ᠪᠠᠶᠢᠴᠠᠭᠠᠨ ᠦᠵᠡᠪᠡ᠃ ᠬᠤᠰᠢᠭᠤᠨ ᠳᠡᠳ᠋ ᠳᠠᠷᠤᠭ᠎ᠠ ᠵᠢᠶᠠᠩ ᠴᠠᠩ ᠾᠦᠢ  ᠪᠠᠶᠢᠴᠠᠭᠠᠯᠳᠠ ᠳᠤ ᠣᠷᠣᠯᠴᠠᠪᠠ᠃
       ᠪᠠᠶᠢᠴᠠᠭᠠᠨ ᠦᠵᠡᠬᠦ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ  ᠶᠢ ᠰᠣᠨᠣᠰᠬᠤ᠂ ᠶᠠᠷᠢᠯᠴᠠᠨ ᠰᠣᠯᠢᠯᠴᠠᠬᠤ ᠬᠡᠯᠪᠡᠷᠢ ᠪᠠᠷ ᠶᠠᠪᠤᠭᠳᠠᠪᠡ᠃ ᠲᠣᠭᠤᠷᠢᠨ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠬᠠᠭᠤᠴᠢᠨ ᠠᠮᠤ ᠪᠤᠳᠠᠭᠠᠨ ᠤ ᠴᠡᠴᠡᠷᠯᠢᠭ᠂ ᠬᠠᠭᠤᠴᠢᠨ ᠬᠤᠰᠢᠭᠤᠨ ᠨᠠᠮ ᠤᠨ ᠬᠤᠷᠢᠶᠠᠨ ᠤ  ᠴᠡᠴᠡᠷᠯᠢᠭ ᠢ ᠳᠡᠭᠡᠭᠰᠢᠯᠡᠭᠦᠯᠦᠨ ᠥᠭᠡᠷᠡᠴᠢᠯᠡᠬᠦ ᠲᠥᠷᠥᠯ ᠵᠦᠶᠯ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠰᠤᠷᠭᠠᠭᠤᠯᠢ ᠶᠢᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯ ᠣᠯᠭᠤᠯᠲᠠ ᠶᠢ ᠲᠤᠰᠠᠯᠠᠬᠤ ᠲᠥᠷᠥᠯ ᠵᠦᠶᠯ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ 2020 ᠣᠨ ᠤ ᠤᠰᠤᠨ ᠠᠰᠢᠭᠯᠠᠯᠲᠠ ᠤᠰᠤᠨ ᠬᠠᠮᠠᠭᠠᠯᠠᠯᠲᠠ ᠶᠢᠨ ᠲᠥᠷᠥᠯ ᠵᠦᠶᠯ᠂ ᠪᠠᠶᠠᠨᠬᠤᠸᠠ ᠪᠠᠯᠭᠠᠰᠤᠨ ᠤ ᠵᠡᠭᠦᠨ ᠰᠢᠪᠠᠷᠲᠠᠶ ᠡᠷᠡᠭᠦᠯ ᠬᠠᠮᠠᠭᠠᠯᠠᠯ ᠤᠨ ᠬᠤᠷᠢᠶᠠᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ᠂ ᠪᠠᠶ᠋ᠬᠠᠦ᠋ᠨᠳᠦᠷ ᠪᠠᠭ᠎ᠠ ᠰᠤᠷᠭᠠᠭᠤᠯᠢ ᠶᠢᠨ ᠬᠤᠭᠤᠯᠠᠨ ᠬᠡᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠪᠠᠶᠢᠴᠠᠭᠠᠨ ᠦᠵᠡᠵᠦ᠂ ᠬᠤᠯᠪᠣᠭᠳᠠᠯ ᠪᠥᠬᠦᠶ ᠬᠠᠷᠢᠭᠤᠴᠠᠯᠭᠠᠲᠠᠨ ᠤ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠥᠷᠥᠯ ᠵᠦᠶᠯ ᠢ ᠪᠡᠶᠡᠯᠡᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃
       ᠰᠠᠭᠤᠳᠠᠯ ᠤᠨ ᠬᠤᠷᠠᠯ ᠳᠡᠭᠡᠷ᠎ᠡ᠂ ᠵᠢᠶᠠᠩ ᠴᠠᠩ ᠾᠦᠢ ᠪᠥᠬᠦ ᠬᠤᠰᠢᠭᠤᠨ ᠤ 2021 ᠣᠨ ᠳᠤ ᠬᠤᠰᠢᠭᠤ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠢᠯᠧᠲ ᠢᠶᠠᠷ ᠰᠢᠶᠳᠪᠦᠷᠢ ᠭᠠᠷᠭᠠᠭᠰᠠᠨ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠥᠷᠥᠯ ᠵᠦᠶᠯ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ᠃ ᠬᠤᠷᠠᠯ ᠳᠤ ᠣᠷᠣᠯᠴᠠᠭᠰᠠᠳ ᠲᠥᠷᠥᠯ ᠵᠦᠶᠯ ᠤᠨ ᠴᠤᠭᠯᠠᠭᠤᠯᠭ᠎ᠠ ᠪᠠ ᠪᠥᠲᠥᠭᠡᠨ ᠪᠠᠶᠢᠭᠤᠯᠤᠯᠲᠠ᠂ ᠶᠠᠰᠤ ᠴᠢᠨᠠᠷ ᠪᠠ ᠬᠠᠮᠢᠶᠠᠷᠤᠯᠲᠠ ᠬᠠᠮᠠᠭᠠᠯᠠᠯᠲᠠ ᠵᠡᠷᠭᠡ ᠶᠢᠨ ᠲᠤᠬᠠᠶ ᠰᠠᠨᠠᠯ ᠰᠠᠨᠠᠭᠤᠯᠭ᠎ᠠ ᠳᠤᠷᠠᠳᠴᠠᠶ  ᠃
       ᠪᠣᠤ ᠢᠤᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠨᠢ ᠠᠷᠠᠳ ᠤᠯᠠᠨ ᠤ ᠬᠠᠮᠤᠭ ᠤᠨ ᠰᠢᠭᠤᠳ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠵᠠᠰᠠᠭ ᠤᠨ ᠣᠷᠳᠣᠨ ᠪᠣᠯᠤᠨ ᠠᠷᠠᠳ ᠲᠦᠮᠡᠨ ᠤ ᠰᠡᠳᠬᠢᠯ ᠵᠢᠷᠦᠬᠡ ᠪᠠᠨ ᠬᠤᠯᠪᠣᠬᠤ ᠬᠠᠮᠤᠭ ᠤᠨ ᠰᠢᠭᠤᠳ ᠠᠷᠭ᠎ᠠ ᠵᠠᠮ ᠪᠣᠯᠤᠨ᠎ᠠ᠃ ᠤᠯᠠᠨ ᠲᠦᠮᠡᠨ ᠤ ᠪᠠᠴᠢᠮ ᠬᠡᠷᠡᠭᠴᠡᠭᠡ ᠶᠢ ᠰᠢᠢᠳᠪᠦᠷᠢᠯᠡᠨ᠂ ᠤᠯᠠᠨ ᠲᠦᠮᠡᠨ ᠤ ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠵᠦ᠂ ᠤᠯᠠᠨ ᠲᠦᠮᠡᠨ ᠤ ᠠᠮᠤᠷ ᠵᠢᠮᠦᠷ ᠠᠵᠤ ᠲᠦᠷᠦᠭᠦ ᠶᠢ ᠠᠬᠢᠭᠤᠯᠬᠤ ᠬᠡᠷᠡᠭᠲᠡᠢ᠃ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠤᠨ ᠠᠵᠢᠯ ᠢ ᠰᠠᠶᠢᠲᠤᠷ ᠬᠢᠬᠦ ᠡᠭᠦᠷᠭᠡᠲᠦ ᠪᠣᠳᠣᠯ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ  ᠴᠢᠩᠭᠠᠳᠬᠠᠨ ᠂ ᠬᠠᠷᠢᠭᠤᠴᠠᠯᠭ᠎ᠠ ᠶᠢᠨ ᠭᠤᠤᠯ ᠴᠣᠭᠴᠠ ᠶᠢ ᠨᠠᠶᠢᠳᠠᠪᠤᠷᠢᠵᠢᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠤᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ ᠂ ᠪᠠᠷᠢᠯᠭ᠎ᠠ ᠶᠢᠨ ᠪᠠᠷᠢᠮᠵᠢᠶ᠎ᠠ ᠶᠢ ᠴᠢᠩᠳᠠᠯᠠᠵᠤ᠂ ᠲᠥᠷᠥᠯ ᠵᠦᠶᠯ ᠤᠨ ᠶᠠᠰᠤ ᠴᠢᠨᠠᠷ ᠢ ᠪᠠᠲᠤᠯᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠲᠦᠭ ᠲᠦᠮᠡᠨ ᠠᠶᠢᠯ ᠡᠷᠦᠬᠡ ᠳᠤ ᠠᠰᠢᠭ ᠬᠦᠷᠲᠡᠭᠡᠬᠦ ︽ᠠᠷᠠᠳ ᠤᠨ ᠰᠡᠳᠬᠢᠯ ᠤᠨ ᠢᠨᠵᠧᠨᠧᠷᠢᠩ︾ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃ ︵ᠡᠤ ᠬᠠᠢ ᠰᠢᠤᠢ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号