ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠪᠥᠬᠦ ᠬᠤᠰᠢᠭᠤᠨ ᠤ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠨᠡᠶᠢᠭᠡᠮ ᠤᠨ ᠠᠪᠤᠷᠠᠨ ᠲᠤᠰᠠᠯᠠᠬᠤ ᠲᠤᠰᠠᠯᠠᠭᠴᠢ ᠶᠢᠨ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2021/11/30
       ᠪᠥᠬᠦ ᠬᠤᠰᠢᠭᠤᠨ ᠤ ᠨᠡᠶᠢᠭᠡᠮ ᠤᠨ ᠠᠪᠤᠷᠠᠨ ᠲᠤᠰᠠᠯᠠᠬᠤ ᠠᠵᠢᠯᠲᠠᠨ ᠤ ᠲᠤᠰᠬᠠᠶ ᠮᠡᠷᠭᠡᠵᠢᠯ ᠤᠨ ᠮᠡᠳᠡᠯᠭᠡ  ᠶᠢᠨ ᠬᠢᠷᠢ ᠲᠦᠪᠰᠢᠨ ᠪᠠ ᠭᠠᠷᠲᠠᠨ ᠭᠦᠶᠴᠡᠳᠬᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ  ᠤᠨ ᠶᠠᠪᠤᠳᠠᠯ ᠤᠨ ᠲᠤᠰᠠᠯᠠᠭᠴᠢ ᠶᠢᠨ  ᠶᠡᠷᠦᠩᠬᠡᠶᠢᠯᠡᠭᠰᠡᠨ ᠬᠡᠪ ᠴᠢᠨᠠᠷ ᠪᠠ ᠦᠶᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠪᠥᠬᠦ ᠬᠤᠰᠢᠭᠤᠨ ᠤ ᠠᠷᠠᠳ ᠤᠨ ᠶᠠᠪᠤᠳᠠᠯ ᠤᠨ ᠦᠶᠯᠡᠰ ᠤᠨ ᠴᠢᠨᠠᠷᠯᠢᠭ ᠪᠥᠭᠡᠳ ᠲᠦᠷᠭᠡᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 11 ᠰᠠᠷ᠎ᠠ ᠶᠢᠨ 26 ᠤ ᠡᠳᠦᠷ᠂ ᠬᠤᠰᠢᠭᠤᠨ ᠠᠷᠠᠳ ᠤᠨ ᠶᠠᠪᠤᠳᠠᠯ ᠤᠨ ᠲᠣᠪᠴᠢᠶ᠎ᠠ ᠪᠥᠬᠦ ᠬᠤᠰᠢᠭᠤᠨ ᠤ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠨᠡᠶᠢᠭᠡᠮ ᠤᠨ ᠠᠪᠤᠷᠠᠨ ᠲᠤᠰᠠᠯᠠᠬᠤ ᠲᠤᠰᠠᠯᠠᠭᠴᠢ ᠶᠢᠨ ᠪᠣᠯᠪᠠᠰᠤᠷᠠᠯ ᠤᠨ ᠠᠩᠭᠢ ᠡᠷᠭᠢᠯᠡᠪᠡ᠃
       ᠡᠬᠢᠯᠡᠬᠦ ᠶᠣᠰᠣᠯᠠᠯ ᠳᠤ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠭᠤᠤᠯ ᠬᠠᠷᠢᠭᠤᠴᠠᠯᠭᠠᠲᠠᠨ ᠠᠴᠠ ᠪᠤᠯᠪᠠᠰᠤᠷᠠᠯ ᠬᠦᠷᠳᠡᠭᠰᠡᠳ ᠢ ᠪᠣᠯᠪᠠᠰᠤᠷᠠᠭᠤᠯᠬᠤ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠪᠠ᠄ ᠰᠢᠨ᠎ᠡ ᠴᠠᠭ ᠦᠶ᠎ᠡ ᠶᠢᠨ ᠠᠷᠠᠳ ᠤᠨ ᠶᠠᠪᠤᠳᠠᠯ ᠤᠨ ᠲᠤᠰᠠᠯᠠᠭᠴᠢ ᠪᠣᠯᠤᠭᠰᠠᠨ ᠤ ᠬᠤᠪᠢ ᠳᠤ᠂ ᠠᠷᠠᠳ ᠤᠨ ᠶᠠᠪᠤᠳᠠᠯ ᠤᠨ ᠠᠵᠢᠯ ᠤᠨ ᠰᠢᠨ᠎ᠡ ᠪᠠᠶᠢᠳᠠᠯ ᠰᠢᠨ᠎ᠡ ᠡᠭᠦᠷᠭᠡ ᠲᠠᠢ ᠨᠢᠭᠲᠠ ᠤᠶᠠᠯᠳᠤᠭᠤᠯᠤᠨ᠂ ᠲᠠᠰᠤᠷᠠᠯᠲᠠ ᠦᠭᠡᠢ ᠰᠤᠷᠤᠯᠴᠠᠵᠤ᠂ ᠠᠷᠠᠳ ᠤᠨ ᠶᠠᠪᠤᠳᠠᠯ ᠤᠨ ᠲᠥᠷᠥ ᠶᠢᠨ ᠪᠣᠳᠣᠯᠭ᠎ᠠ ᠪᠠ ᠲᠤᠬᠠᠶᠢᠯᠠᠭᠰᠠᠨ ᠠᠵᠢᠯ  ᠢ ᠭᠦᠨᠵᠡᠭᠡᠶ ᠰᠤᠷᠤᠯᠴᠠᠵᠤ ᠨᠡᠪᠲᠡᠷᠡᠲᠡᠯ᠎ᠡ ᠰᠤᠷᠤᠯᠴᠠᠬᠤ ᠬᠡᠷᠡᠭᠲᠡᠶ᠂ ᠲᠦᠷᠦ ᠶᠢᠨ ᠪᠤᠳᠤᠯᠭ᠎ᠠ ᠶᠢᠨ ᠲᠠᠯ᠎ᠠ ᠪᠠᠷ ᠠᠷᠠᠳ  ᠤᠨ ᠶᠠᠪᠤᠳᠠᠯ ᠤᠨ ᠲᠤᠬᠠᠶᠢᠯᠠᠭᠰᠠᠨ ᠠᠵᠢᠯ ᠢ ᠬᠢᠵᠦ ᠪᠠᠶᠢᠭ᠎ᠠ ︽ᠮᠡᠷᠭᠡᠨ ᠬᠥᠮᠦᠨ︾᠂ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠶᠢᠨ ᠲᠠᠯ᠎ᠠ ᠪᠠᠷ ᠠᠷᠠᠳ ᠲᠦᠮᠡᠨ ᠳᠤ ᠦᠢᠯᠡᠴᠢᠯᠡᠬᠦ ︽ᠬᠠᠷᠢᠭᠤᠴᠠᠯᠭᠠᠲᠠᠨ︾ ᠪᠣᠯᠬᠤ ᠪᠠᠷ ᠴᠢᠷᠮᠠᠶᠢᠵᠦ᠂ ᠰᠤᠷᠤᠯᠴᠠᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠨ᠂ ᠪᠡᠶ᠎ᠡ ᠪᠠᠨ ᠴᠢᠩᠭ᠎ᠠ ᠱᠠᠭᠠᠷᠳᠠᠵᠤ᠂ ᠪᠣᠯᠪᠠᠰᠤᠷᠠᠭᠤᠯᠤᠯ ᠤᠨ ᠰᠠᠶᠢᠨ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠰᠣᠯᠢᠯᠴᠠᠭ᠎ᠠ ᠰᠤᠷᠤᠯᠴᠠᠯᠭ᠎ᠠ ᠪᠠᠨ ᠴᠢᠩᠭᠠᠳᠬᠠᠨ᠂ ᠬᠠᠷᠢᠯᠴᠠᠨ ᠰᠤᠷᠤᠯᠴᠠᠵᠤ᠂ ᠬᠠᠷᠢᠯᠴᠠᠨ ᠰᠣᠯᠢᠯᠴᠠᠬᠤ ᠳᠤᠮᠳᠠ ᠴᠢᠳᠠᠪᠤᠷᠢ ᠶᠢᠨ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠤᠯᠤᠰ ᠲᠥᠷᠥ ᠶᠢᠨ ᠲᠠᠷᠢᠬᠢ ᠲᠣᠯᠣᠭᠠᠶ ᠰᠡᠷᠭᠡᠭ᠂ ᠣᠨᠣᠯ ᠤᠨ ᠬᠠᠷᠠᠭ᠎ᠠ ᠥᠷᠭᠡᠨ᠂ ᠮᠡᠳᠡᠯᠭᠡ ᠪᠣᠯᠪᠠᠰᠤᠷᠠᠯ ᠪᠥᠬᠦ ᠲᠠᠯ᠎ᠠ ᠶᠢᠨ ᠪᠠᠶᠢᠬᠤ ᠶᠢ ᠪᠡᠶᠡᠯᠡᠭᠦᠯᠵᠦ᠂ ᠪᠥᠬᠦ ᠬᠤᠰᠢᠭᠤᠨ ᠤ ᠠᠷᠠᠳ ᠤᠨ ᠶᠠᠪᠤᠳᠠᠯ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠡᠢ᠃
       ᠲᠣᠰ ᠤᠳᠠᠭᠠᠨ ᠤ ᠪᠤᠯᠪᠠᠰᠤᠷᠠᠯ ᠨᠢ ᠭᠤᠤᠯᠳᠠᠭᠤ ᠨᠠᠭᠠᠳᠤ ᠵᠠᠬ᠎ᠠ ᠶᠢᠨ ᠪᠠᠲᠤᠯᠠᠭ᠎ᠠ ᠶᠢ ᠦᠨᠡᠯᠡᠨ ᠲᠣᠭᠲᠠᠭᠠᠬᠤ᠂ ᠨᠡᠶᠢᠭᠡᠮ ᠤᠨ ᠠᠪᠤᠷᠠᠨ ᠲᠤᠰᠠᠯᠠᠬᠤ ᠵᠡᠷᠭᠡ ᠠᠷᠠᠳ ᠤᠨ ᠶᠠᠪᠤᠳᠠᠯ ᠤᠨ ᠲᠥᠷᠥ ᠶᠢᠨ ᠪᠣᠳᠣᠯᠭ᠎ᠠ ᠪᠠ ᠲᠤᠬᠠᠶᠢᠯᠠᠭᠰᠠᠨ ᠠᠵᠢᠯ ᠤᠨ ᠲᠣᠭᠤᠷᠢᠨ ᠳᠤ ᠶᠠᠪᠤᠭᠳᠠᠪᠠ᠃ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠷᠠᠳ ᠤᠨ ᠶᠠᠪᠤᠳᠠᠯ ᠤᠨ ᠠᠯᠪᠠᠨ ᠬᠡᠷ ᠤᠨ ᠡᠷᠬᠢᠯᠡᠭᠴᠢ᠂ ᠪᠥᠬᠦ ᠬᠤᠰᠢᠭᠤᠨ ᠤ 245 ᠭᠠᠴᠠᠭ᠎ᠠ ᠲᠣᠰᠬᠤᠨ᠂ 17 ᠬᠠᠮᠲᠤ ᠶᠢᠨ ᠠᠵᠤ ᠠᠬᠤᠶ ᠶᠢᠨ ᠬᠤᠯᠪᠣᠭᠠᠲᠤ ᠬᠤᠷᠰᠢᠶ᠎ᠠ᠂ 14 ᠨᠡᠶᠢᠭᠡᠮ ᠲᠣᠭᠤᠷᠢᠭ ᠤᠨ ᠠᠷᠠᠳ ᠤᠨ ᠶᠠᠪᠤᠳᠠᠯ ᠤᠨ ᠲᠤᠰᠠᠯᠠᠭᠴᠢ ᠨᠡᠶᠢᠲᠡ 320 ᠬᠥᠮᠦᠨ ᠪᠣᠯᠪᠠᠰᠤᠷᠠᠯ ᠳᠤ ᠣᠷᠣᠯᠴᠠᠪᠠ᠃ ︵ᠳ᠋ᠦᠩ ᠶᠤᠤ ᠶᠤᠤ᠂ ᠰᠢᠤᠢ ᠰᠢᠩ ᠯᠦᠩ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号