| | 11 ᠰᠠᠷ᠎ᠠ ᠶᠢᠨ 27 ᠤ ᠡᠳᠦᠷ᠂ ᠲᠦᠩᠯᠢᠶᠣᠤ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶᠠᠨ ᠤ | ᠳᠡᠳ᠋ ᠳᠠᠷᠤᠭ᠎ᠠ ᠪᠦᠷᠢᠨᠰᠠᠩ ᠤᠨ ᠳᠠᠭᠠᠭᠤᠯᠭ᠎ᠠ ᠪᠠᠷ ᠲᠣᠪᠴᠢᠶᠠᠨ ᠳᠠᠷᠤᠭ᠎ᠠ᠂ ᠰᠤᠷᠭᠠᠨ ᠬᠥᠮᠦᠵᠢᠯ ᠤᠨ ᠵᠠᠰᠠᠭ | ᠵᠠᠬᠢᠷᠭᠠᠨ ᠤ ᠺᠠᠳ᠋ᠷ᠂ ᠰᠤᠷᠭᠠᠭᠤᠯᠢ ᠶᠢᠨ ᠵᠠᠬᠢᠷᠤᠯ ᠵᠡᠷᠭᠡ 100 ᠭᠠᠷᠤᠶ ᠰᠤᠷᠭᠠᠨ ᠬᠥᠮᠦᠵᠢᠯ ᠤᠨ ᠠᠵᠢᠯᠲᠠᠨ ᠢᠶᠠᠷ | ᠪᠦᠷᠢᠯᠳᠦᠭᠰᠡᠨ ᠲᠦᠩᠯᠢᠶᠣᠤ ᠬᠤᠲᠠ ᠶᠢᠨ ᠰᠤᠷᠭᠠᠨ ᠬᠥᠮᠦᠵᠢᠯ ᠤᠨ ᠲᠤᠭᠤᠷᠢᠨ ᠪᠠᠶᠢᠴᠠᠭᠠᠬᠤ ᠪᠦᠯᠬᠦᠮ ᠨᠢ ᠮᠠᠨ ᠤ | ᠬᠤᠰᠢᠭᠤᠨ ᠳᠤ 2 ᠡᠳᠦᠷ ᠤᠨ ᠬᠤᠭᠤᠴᠠᠭ᠎ᠠ ᠲᠠᠢ ᠲᠤᠭᠤᠷᠢᠨ ᠪᠠᠶᠢᠴᠠᠭᠠᠯᠳᠠ ᠬᠢᠪᠡ᠃ | | | | ᠤᠯᠠᠭᠠᠨᠬᠠᠳᠠ ᠬᠤᠳᠠ ᠶᠢᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ ᠪᠠᠶᠠᠷ᠎ᠠ᠂ ᠠᠷᠤ | ᠬᠤᠷᠴᠢᠨ ᠬᠤᠰᠢᠭᠤᠨ ᠤ ᠳᠡᠳ᠋ ᠳᠠᠷᠤᠭ᠎ᠠ ᠯᠢᠦ ᡁᠢ ᠾᠦᠢ᠂ ᠠᠷᠤ ᠬᠤᠷᠴᠢᠨ ᠬᠤᠰᠢᠭᠤᠨ ᠤ ᠰᠤᠷᠭᠠᠨ ᠬᠥᠮᠦᠵᠢᠯ | ᠤᠨ ᠲᠣᠪᠴᠢᠶᠠᠨ ᠤ ᠭᠤᠣᠯ ᠬᠠᠷᠢᠭᠤᠴᠠᠯᠭᠠᠲᠠᠨ ᠲᠤᠭᠤᠷᠢᠨ ᠪᠠᠶᠢᠴᠠᠭᠠᠯᠳᠠ ᠳᠤ ᠣᠷᠣᠯᠴᠠᠵᠠᠢ ᠃ | | | | ᠲᠦᠩᠯᠢᠶᠣᠤ ᠬᠤᠲᠠ ᠶᠢᠨ ᠰᠤᠷᠭᠠᠨ ᠬᠥᠮᠦᠵᠢᠯ ᠤᠨ ᠰᠢᠨᠵᠢᠯᠡᠨ ᠪᠠᠶᠢᠴᠠᠭᠠᠬᠤ ᠪᠦᠯᠬᠦᠮ ᠢ ᠬᠤᠶᠠᠷ | ᠳᠤᠭᠤᠶᠢᠯᠠᠩ ᠬᠤᠪᠢᠶᠠᠵᠤ᠂ ᠲᠣᠰ ᠲᠣᠰ ᠬᠤᠰᠢᠭᠤᠨ ᠰᠢᠭᠤᠳ ᠬᠠᠷᠢᠶ᠎ᠠ ᠬᠤᠶᠠᠳᠤᠭᠠᠷ ᠬᠡᠦᠬᠡᠳ ᠤᠨ ᠴᠡᠴᠡᠷᠯᠢᠭ᠂ | ᠴᠢᠪᠠᠭ᠎ᠠ ᠲᠠᠪᠤᠳᠤᠭᠠᠷ ᠳᠤᠮᠳᠠᠳᠤ ᠰᠤᠷᠭᠠᠭᠤᠯᠢ᠂ ᠴᠢᠪᠠᠭ᠎ᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ᠂ ᠠᠷᠤ | ᠬᠤᠷᠴᠢᠨ ᠬᠤᠰᠢᠭᠤᠨ ᠤ ᠦᠨᠳᠦᠰᠦᠲᠡᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠵᠡᠷᠭᠡ | ᠵᠢᠷᠭᠤᠭᠠᠨ ᠰᠤᠷᠭᠠᠭᠤᠯᠢ ᠢᠶᠠᠷ ᠲᠤᠭᠤᠷᠢᠨ ᠪᠠᠶᠢᠴᠠᠭᠠᠪᠠ᠃ ᠲᠤᠭᠤᠷᠢᠨ ᠪᠠᠶᠢᠴᠠᠭᠠᠬᠤ ᠰᠤᠷᠤᠯᠴᠠᠯᠭ᠎ᠠ ᠨᠢ ᠲᠤᠬᠠᠶ | ᠶᠢᠨ ᠭᠠᠵᠠᠷ ᠲᠤ ᠨᠢ ᠲᠣᠭᠤᠷᠢᠨ ᠦᠵᠡᠬᠦ᠂ ᠶᠠᠷᠢᠯᠴᠠᠨ ᠰᠣᠯᠢᠯᠴᠠᠬᠤ ᠬᠡᠯᠪᠡᠷᠢ ᠪᠠᠷ ᠶᠠᠪᠤᠭᠳᠠᠵᠤ᠂ ᠭᠤᠤᠯᠳᠠᠯᠭ᠎ᠠ ᠨᠢ | ᠪᠥᠬᠦ ᠬᠤᠰᠢᠭᠤᠨ ᠤ ᠰᠤᠷᠭᠠᠭᠤᠯᠢ ᠶᠢᠨ ᠬᠠᠮᠢᠶᠠᠷᠤᠯᠲᠠ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ | ᠴᠢᠨᠠᠷ ᠢ ᠳᠡᠭᠡᠭᠰᠢᠯᠡᠭᠦᠯᠬᠦ ᠲᠤᠷᠰᠢᠯᠭ᠎ᠠ ᠠᠷᠭ᠎ᠠ ᠬᠢᠳᠡᠯ᠂ ᠥᠨᠳᠥᠷ ᠳᠤᠮᠳᠠᠳᠤ ᠪᠠ ᠶᠡᠭᠡ ᠳᠡᠭᠡᠳᠦ ᠰᠤᠷᠭᠠᠭᠤᠯᠢ ᠳᠤ | ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠠᠪᠰᠤᠷᠤᠨ ᠵᠢᠯᠣᠭᠤᠳᠬᠤ ᠠᠷᠭ᠎ᠠ ᠪᠣᠳᠣᠯᠭ᠎ᠠ ᠵᠢᠴᠢ | ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠵᠡᠷᠭᠡ ᠶᠢ ᠲᠤᠭᠤᠷᠢᠨ ᠪᠠᠶᠢᠴᠠᠭᠠᠵᠤ ᠰᠤᠷᠤᠯᠴᠠᠪᠠ ᠃ | | ᠲᠤᠭᠤᠷᠢᠨ ᠪᠠᠶᠢᠴᠠᠭᠠᠬᠤ ᠪᠦᠯᠬᠦᠮ ᠢᠯᠡᠷᠬᠡᠶᠢᠯᠡᠬᠦ ᠳᠡᠭᠡᠨ᠂ ᠬᠤᠶᠠᠷ ᠲᠠᠯ᠎ᠠ ᠪᠠᠷ ᠢᠶᠠᠨ ᠨᠠᠩ ᠨᠢᠭᠲᠠ | ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠵᠤ᠂ ᠠᠷᠤ ᠬᠤᠷᠴᠢᠨ ᠬᠤᠰᠢᠭᠤᠨ ᠤ ᠰᠤᠷᠭᠠᠨ ᠬᠥᠮᠦᠵᠢᠯ ᠤᠨ ᠠᠵᠢᠯ | ᠤᠨ ᠳᠤᠮᠳᠠᠬᠢ ᠠᠮᠵᠢᠯᠲᠠ ᠲᠠᠢ ᠲᠤᠷᠰᠢᠯᠭ᠎ᠠ ᠪᠠ ᠠᠷᠭ᠎ᠠ ᠬᠢᠳᠡᠯ ᠢ ᠤᠯᠠᠮ ᠨᠢᠭᠡ ᠠᠯᠬᠤᠮ ᠰᠠᠶᠢᠲᠤᠷ ᠰᠤᠷᠤᠯᠴᠠᠨ᠂ | ᠰᠣᠯᠢᠯᠴᠠᠭ᠎ᠠ ᠪᠠᠨ ᠴᠢᠩᠭᠠᠳᠬᠠᠨ᠂ ᠬᠤᠶᠠᠷ ᠭᠠᠵᠠᠷ ᠤᠨ ᠰᠤᠷᠭᠠᠨ ᠬᠥᠮᠦᠵᠢᠯ ᠤᠨ ᠦᠶᠯᠡᠰ ᠤᠨ ᠬᠠᠮᠲᠤ ᠶᠢᠨ | ᠬᠥᠭᠵᠢᠯᠲᠡ ᠶᠢ ᠬᠠᠮᠲᠤ ᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠵᠡᠶ᠃ ︵ᠬᠤ᠋ ᠵᠢᠩ ᠶᠤᠸᠠᠨ︶ |