ᠬᠤᠳᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠶᠢ ᠬᠠᠭᠠᠬᠤ᠂ ᠠᠰᠢᠭᠯᠠᠬᠤ ᠦᠭᠡᠢ ᠲᠠᠯᠪᠢᠬᠤ᠂ ᠨᠤᠷᠠᠭᠠᠬᠤ ᠵᠥᠪᠰᠢᠶᠡᠷᠡᠯ
ᠨᠡᠶᠢᠲᠡᠯᠡᠭᠰᠡᠨ ᠴᠠᠭ᠄
2021/11/4
ᠬᠦᠯᠢᠶᠡᠨ ᠰᠢᠢᠳᠪᠦᠷᠢᠯᠡᠬᠦ ᠨᠥᠬᠦᠴᠡᠯ        ︵ᠨᠢᠭᠡ︶ ᠵᠥᠪᠰᠢᠶᠡᠷᠡᠬᠦ ᠨᠥᠬᠦᠴᠡᠯ᠄ 1. ᠭᠤᠶᠤᠴᠢᠯᠠᠭᠰᠠᠨ ᠵᠦᠢᠯ ᠨᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠷᠬᠡ ᠲᠤᠰᠢᠶᠠᠯ ᠤᠨ ᠬᠡᠪᠴᠢᠶᠡᠨ ᠳᠤ ᠪᠠᠭᠲᠠᠬᠤ᠃ 2 . ᠭᠤᠶᠤᠴᠢᠯᠠᠭᠴᠢ ᠶᠢᠨ ᠲᠤᠰᠢᠶᠠᠭᠰᠠᠨ ᠭᠤᠶᠤᠴᠢᠯᠠᠯ ᠤᠨ ᠮᠠᠲ᠋ᠧᠷᠢᠶᠠᠯ ᠨᠢ ᠬᠠᠤᠯᠢ ᠳᠤ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠨ᠎ᠡ᠃ 3. ᠭᠤᠶᠤᠴᠢᠯᠠᠭᠴᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠶᠣᠰᠣᠭᠠᠷ ᠵᠠᠰᠠᠭ ᠵᠠᠬᠢᠷᠭᠠᠨ ᠤ ᠵᠥᠪᠰᠢᠶᠡᠷᠡᠯ ᠢ ᠭᠦᠢᠴᠡᠳᠬᠡᠬᠦ ᠳᠤ᠂  ᠱᠠᠭᠠᠷᠳᠠᠯᠭ᠎ᠠ ᠶᠣᠰᠣᠭᠠᠷ ᠨᠢᠭᠡ ᠤᠳᠠᠭ᠎ᠠ ᠶᠢᠨ ᠴᠢᠨᠠᠷᠲᠠᠢ ᠮᠡᠳᠡᠭᠳᠡᠬᠦ ᠮᠠᠲ᠋ᠧᠷᠢᠶᠠᠯ ᠢ ᠪᠦᠷᠢᠨ ᠭᠦᠢᠴᠡᠳ ᠬᠠᠩᠭᠠᠭᠰᠠᠨ ᠪᠤᠶᠤ ᠪᠦᠷᠢᠨ ᠭᠦᠢᠴᠡᠳ ᠨᠥᠬᠦᠪᠦᠷᠢᠯᠡᠭᠰᠡᠨ᠃ 4. ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠬᠦ ᠰᠢᠨᠵᠢᠯᠡᠬᠦ ᠤᠬᠠᠭᠠᠨᠴᠢ ᠲᠥᠰᠦᠯ ᠪᠣᠯᠤᠨ ᠬᠠᠭᠠᠬᠤ᠂ ᠠᠰᠢᠭᠯᠠᠬᠤ ᠦᠭᠡᠢ ᠲᠠᠯᠪᠢᠬᠤ ᠪᠤᠶᠤ ᠨᠤᠷᠠᠭᠠᠬᠤ ᠪᠠᠷ ᠪᠠᠶᠢᠭ᠎ᠠ ᠲᠥᠬᠦᠭᠡᠷᠦᠮᠵᠢ ᠶᠢᠨ ᠣᠳᠣᠬᠢ ᠪᠠᠶᠢᠳᠠᠯ ᠤᠨ ᠵᠢᠷᠤᠭ ᠵᠢᠴᠢ ᠨᠤᠷᠠᠭᠠᠬᠤ ᠲᠥᠰᠦᠯ᠂ ᠰᠢᠨ᠎ᠡ ᠪᠠᠷ ᠪᠠᠶᠢᠭᠤᠯᠬᠤ ᠲᠥᠬᠦᠭᠡᠷᠦᠮᠵᠢ ᠶᠢᠨ ᠵᠢᠷᠤᠭ ᠲᠥᠯᠥᠪᠯᠡᠭᠡ ᠲᠠᠢ ᠪᠠᠶᠢᠬᠤ ᠬᠡᠷᠡᠭᠲᠡᠢ᠃ ᠬᠤᠳᠠ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ ᠠᠴᠠ ᠪᠣᠯᠣᠭᠠᠳ ᠠᠰᠢᠭᠯᠠᠬᠤ ᠦᠭᠡᠢ ᠲᠠᠯᠪᠢᠬᠤ᠂ ᠬᠠᠭᠠᠬᠤ ᠪᠤᠶᠤ ᠨᠤᠷᠠᠭᠠᠬᠤ ᠴᠢᠬᠤᠯᠠᠲᠠᠶ ᠪᠠᠶᠢᠪᠠᠯ᠂ ᠲᠥᠯᠥᠪᠵᠢᠭᠦᠯᠭᠡ᠂ ᠪᠦᠳᠦᠭᠡᠨ ᠪᠠᠶᠢᠭᠤᠯᠤᠯᠲᠠ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠢ ᠪᠦᠷᠢᠳᠦᠭᠦᠯᠦᠭᠰᠡᠨ ᠪᠠᠶᠢᠬᠤ ᠬᠡᠷᠡᠭᠲᠡᠶ᠃ ︵ᠬᠤᠶᠠᠷ︶ ᠥᠯᠥ ᠵᠥᠪᠰᠢᠶᠡᠷᠡᠬᠦ ᠪᠠᠶᠢᠳᠠᠯ᠄ 1. ᠭᠤᠶᠤᠴᠢᠯᠠᠭᠰᠠᠨ ᠵᠦᠢᠯ ᠨᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠨ ᠤ ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠶ᠃ 2. ᠭᠤᠶᠤᠴᠢᠯᠠᠭᠴᠢ ᠶᠢᠨ ᠳᠡᠪᠰᠢᠭᠦᠯᠦᠭᠰᠡᠨ ᠭᠤᠶᠤᠴᠢᠯᠠᠯ ᠤᠨ ᠮᠠᠲ᠋ᠧᠷᠢᠶᠠᠯ ᠨᠢ ᠬᠤᠳᠠᠯ ᠬᠠᠭᠤᠷᠮᠠᠭ᠃ ︵ᠭᠤᠷᠪᠠ︶ ᠲᠣᠳᠣᠷᠬᠠᠶᠢᠯᠠᠬᠤ ᠴᠢᠬᠤᠯᠠᠲᠠᠶ ᠪᠤᠰᠤᠳ ᠪᠠᠶᠢᠳᠠᠯ᠄ ᠬᠢᠨᠠᠨ ᠵᠥᠪᠰᠢᠶᠡᠷᠡᠬᠦ ᠲᠤᠭ᠎ᠠ ᠬᠡᠮᠵᠢᠶᠡᠨ ᠤ ᠬᠢᠵᠠᠭᠠᠷᠯᠠᠯ ᠪᠠᠶᠢᠬᠤ ᠦᠭᠡᠢ᠃ ᠲᠣᠭᠲᠠᠭᠠᠭᠰᠠᠨ ᠦᠨᠳᠦᠰᠦᠯᠡᠯ        ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠠᠬᠤᠶ ᠶᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠬᠠᠤᠯᠢ︾ ᠶᠢᠨ ᠳᠥᠴᠢᠨ ᠳᠥᠷᠪᠡᠳᠦᠭᠡᠷ ᠵᠤᠷᠪᠤᠰ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠥᠬᠦᠭᠡᠷᠦᠮᠵᠢ᠂ ᠲᠠᠯᠠᠪᠤᠷ  ᠪᠠᠶᠢᠭᠤᠯᠬᠤ ᠳᠠᠭᠠᠨ ᠡᠷᠬᠡᠪᠰᠢ ᠲᠦᠷᠦ ᠶᠢᠨ ᠶᠠᠪᠤᠳᠠᠯ ᠤᠨ ᠬᠤᠷᠢᠶᠠᠨ ᠤ ᠣᠷᠴᠢᠨ ᠠᠬᠤᠶ ᠶᠢᠨ ᠬᠠᠮᠠᠭᠠᠯᠠᠯᠲᠠ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠪᠦᠲᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠣᠷᠴᠢᠨ ᠠᠬᠤᠶ ᠶᠢᠨ ᠬᠠᠮᠠᠭᠠᠯᠠᠯᠲᠠ ᠪᠠ ᠣᠷᠴᠢᠨ ᠠᠬᠤᠶ ᠶᠢᠨ ᠡᠷᠡᠭᠦᠯ ᠬᠠᠮᠠᠭᠠᠯᠠᠯ ᠤᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ ᠬᠤᠭ ᠨᠣᠪᠰᠢ ᠶᠢ ᠰᠢᠢᠳᠪᠦᠷᠢᠯᠡᠬᠦ ᠲᠥᠬᠦᠭᠡᠷᠦᠮᠵᠢ᠂ ᠲᠠᠯᠠᠪᠤᠷ ᠢ ᠳᠤᠷ᠎ᠠ ᠪᠠᠷ ᠢᠶᠠᠨ ᠬᠠᠭᠠᠬᠤ᠂ ᠠᠰᠢᠭᠯᠠᠬᠤ ᠦᠭᠡᠢ ᠲᠠᠯᠪᠢᠬᠤ ᠪᠤᠶᠤ ᠨᠤᠷᠠᠭᠠᠬᠤ ᠶᠢ ᠴᠠᠭᠠᠵᠠᠯᠠᠨ᠎ᠠ︔ ᠦᠨᠡᠨ ᠬᠦ ᠬᠠᠭᠠᠬᠤ᠂ ᠠᠰᠢᠭᠯᠠᠬᠤ ᠦᠭᠡᠢ ᠲᠠᠯᠪᠢᠬᠤ ᠪᠤᠶᠤ ᠨᠤᠷᠠᠭᠠᠬᠤ ᠴᠢᠬᠤᠯᠠᠲᠠᠶ ᠪᠣᠯ᠂ ᠡᠷᠬᠡᠪᠰᠢ ᠪᠠᠶᠢᠭ᠎ᠠ ᠭᠠᠵᠠᠷ ᠤᠨ ᠢᠶᠠᠨ ᠬᠤᠲᠠ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠷᠴᠢᠨ ᠠᠬᠤᠶ ᠶᠢᠨ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠪᠠᠶᠢᠭ᠎ᠠ ᠭᠠᠵᠠᠷ ᠤᠨ ᠢᠶᠠᠨ ᠣᠷᠴᠢᠨ ᠠᠬᠤᠶ ᠶᠢᠨ ᠬᠠᠮᠠᠭᠠᠯᠠᠯᠲᠠ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠠᠢ ᠵᠥᠪᠳᠡᠯᠴᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠬᠢᠨᠠᠨ ᠵᠥᠪᠰᠢᠶᠡᠷᠡᠭᠦᠯᠬᠦ ᠶᠢᠨ ᠬᠠᠮᠲᠤ ᠠᠷᠭ᠎ᠠ ᠬᠡᠮᠵᠢᠶ᠎ᠡ ᠠᠪᠴᠤ ᠪᠠᠶᠢᠭᠠᠳ ᠣᠷᠴᠢᠨ ᠠᠬᠤᠶ ᠶᠢ ᠪᠣᠬᠢᠷᠲᠤᠭᠤᠯᠬᠤ ᠠᠴᠠ ᠰᠡᠷᠭᠡᠶᠢᠯᠡᠬᠦ ᠬᠡᠷᠡᠭᠲᠡᠶ᠃        ︽ᠬᠤᠳᠠ ᠶᠢᠨ ᠥᠩᠭᠡ ᠲᠦᠷᠬᠦ ᠪᠠ ᠣᠷᠴᠢᠨ ᠠᠬᠤᠶ ᠶᠢᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠲᠦᠷᠢᠮ︾ ᠤᠨ ᠬᠤᠷᠢᠨ ᠬᠤᠶᠠᠳᠤᠭᠠᠷ  ᠵᠤᠷᠪᠤᠰ᠂ ᠠᠯᠢᠪᠠ ᠪᠠᠶᠢᠭᠤᠯᠭ᠎ᠠ ᠨᠢᠭᠡᠴᠢ ᠪᠠ ᠬᠤᠪᠢ ᠬᠥᠮᠦᠨ ᠴᠥᠮ ᠣᠷᠴᠢᠨ ᠠᠬᠤᠶ ᠶᠢᠨ ᠡᠷᠡᠭᠦᠯ ᠬᠠᠮᠠᠭᠠᠯᠠᠯ ᠤᠨ ᠲᠥᠬᠦᠭᠡᠷᠦᠮᠵᠢ ᠶᠢ ᠳᠤᠷ᠎ᠠ ᠪᠠᠷ ᠢᠶᠠᠨ ᠨᠤᠷᠠᠭᠠᠵᠤ ᠪᠣᠯᠬᠤ ᠦᠭᠡᠢ︔ ᠪᠦᠳᠦᠭᠡᠠ ᠪᠠᠶᠢᠭᠤᠯᠬᠤ ᠬᠡᠷᠡᠭᠴᠡᠭᠡ ᠠᠴᠠ ᠪᠤᠯᠵᠦ ᠡᠷᠬᠡᠪᠰᠢ ᠨᠤᠷᠠᠭᠠᠬᠤ ᠴᠢᠬᠤᠯᠠ ᠲᠠᠢ ᠪᠤᠯ᠂ ᠪᠦᠳᠦᠭᠡᠠ ᠪᠠᠶᠢᠭᠤᠯᠬᠤ ᠨᠢᠭᠡᠴᠢ ᠨᠢ ᠡᠷᠬᠡᠪᠰᠢ ᠤᠷᠢᠳᠠᠪᠠᠷ ᠨᠤᠷᠠᠭᠠᠵᠤ ᠨᠡᠭᠦᠯᠭᠡᠬᠦ ᠲᠥᠰᠦᠯ ᠢᠶᠠᠨ ᠳᠤᠷᠠᠳᠤᠨ ᠭᠠᠷᠭᠠᠵᠤ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠬᠤᠳᠠ ᠶᠢᠨ ᠥᠩᠭᠡ ᠲᠦᠷᠬᠦ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃ ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 46 — 50 ᠳ᠋ᠤᠭᠠᠷ ᠴᠣᠩᠬᠤ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠨ᠎ᠠ᠃ 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ  ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ ᠨᠡᠶᠢᠲᠡᠯᠡᠪᠡ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号