ᠡᠬᠡ ᠬᠠᠭᠤᠷᠠᠶ ᠳᠤ ᠠᠮᠢᠳᠤᠷᠠᠳᠠᠭ ᠤᠯᠤᠰ ᠤᠨ ᠭᠤᠤᠯᠳᠠᠯᠭ᠎ᠠ ᠲᠠᠢ ᠬᠠᠮᠠᠭᠠᠯᠠᠯᠲᠠ ᠶᠢᠨ ᠪᠤᠰᠤ ᠬᠡᠭᠡᠷ᠎ᠡ ᠶᠢᠨ ᠠᠮᠢᠲᠠᠨ ᠢ ᠠᠩᠨᠠᠬᠤ ᠦᠨᠡᠮᠯᠡᠯ ᠢ ᠬᠢᠨᠠᠨ ᠣᠯᠭᠤᠬᠤ
ᠨᠡᠶᠢᠲᠡᠯᠡᠭᠰᠡᠨ ᠴᠠᠭ᠄
2021/11/4
ᠬᠦᠯᠢᠶᠡᠨ ᠰᠢᠢᠳᠪᠦᠷᠢᠯᠡᠬᠦ ᠨᠥᠬᠦᠴᠡᠯ        ᠰᠢᠨᠵᠢᠯᠡᠬᠦ ᠤᠬᠠᠭᠠᠨ ᠤ ᠰᠤᠳᠤᠯᠤᠯ᠂ ᠡᠮ ᠳᠤ ᠬᠡᠷᠡᠭᠯᠡᠬᠦ᠂ ᠳᠡᠯᠭᠡᠨ ᠦᠵᠡᠭᠦᠯᠬᠦ ᠵᠡᠷᠭᠡ ᠣᠨᠴᠠᠭᠠᠶ ᠪᠠᠶᠢᠳᠠᠯ ᠳᠣᠣᠷ᠎ᠠ ᠬᠡᠭᠡᠷ᠎ᠡ ᠶᠢᠨ ᠠᠮᠢᠲᠠᠨ ᠢ ᠢᠳᠡᠭᠡᠨ ᠤ ᠪᠤᠰᠤ ᠴᠢᠨᠠᠷᠲᠠᠶ ᠪᠠᠷ ᠠᠰᠢᠭᠯᠠᠬᠤ ᠪᠣᠯᠵᠤ᠂ ᠠᠩᠨᠠᠬᠤ ᠴᠢᠬᠤᠯᠠ ᠲᠠᠢ ᠦᠶᠡᠰ᠃     ᠲᠣᠭᠲᠠᠭᠠᠭᠰᠠᠨ ᠦᠨᠳᠦᠰᠦᠯᠡᠯ        ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾ ︵1988 ᠣᠨ ᠤ 11 ᠰᠠᠷ᠎ᠠ ᠶᠢᠨ 8 ᠤ ᠡᠳᠦᠷ ᠤᠨ ᠲᠡᠷᠢᠭᠦᠯᠡᠭᠴᠢ ᠶᠢᠨ ᠵᠠᠷᠯᠢᠭ ᠶᠢᠰᠦᠳᠦᠭᠡᠷ ᠲᠣᠭᠠᠲᠤ᠂ 2016 ᠣᠨ ᠤ 7 ᠰᠠᠷ᠎ᠠ ᠶᠢᠨ 2 ᠤᠨ ᠡᠳᠦᠷ ᠵᠠᠰᠠᠪᠤᠷᠢ ᠣᠷᠣᠭᠤᠯᠪᠠ︶ ᠶᠢᠨ ᠬᠤᠷᠢᠨ ᠬᠤᠶᠠᠳᠤᠭᠠᠷ ᠵᠤᠷᠪᠤᠰ᠂ ᠤᠯᠤᠰ ᠤᠨ ᠭᠤᠣᠯᠳᠠᠯᠭ᠎ᠠ ᠲᠠᠢ ᠬᠠᠮᠠᠭᠠᠯᠠᠯᠲᠠ ᠶᠢᠨ ᠪᠤᠰᠤ ᠬᠡᠭᠡᠷ᠎ᠡ ᠶᠢᠨ ᠠᠮᠢᠲᠠᠨ ᠢ ᠠᠩᠨᠠᠬᠤ ᠳᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠣᠯᠭᠤᠭᠰᠠᠨ ᠠᠩᠨᠠᠬᠤ ᠦᠨᠡᠮᠯᠡᠯ ᠢ ᠬᠠᠤᠯᠢ ᠶᠣᠰᠣᠭᠠᠷ ᠤᠯᠬᠤ ᠬᠡᠷᠡᠭᠲᠡᠶ ᠪᠥᠭᠡᠳ ᠠᠩᠨᠠᠬᠤ ᠬᠡᠮᠵᠢᠶ᠎ᠡ ᠶᠢᠨ ᠬᠢᠵᠠᠭᠠᠷ ᠲᠤᠭ᠎ᠠ ᠶᠢᠨ ᠬᠠᠮᠢᠶᠠᠷᠤᠯᠲᠠ ᠶᠢ ᠳᠠᠭᠠᠬᠤ ᠬᠡᠷᠡᠭᠲᠡᠶ᠃ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 34 ᠳ᠋ᠤᠭᠠᠷ ᠴᠣᠩᠬᠤ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ  ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠵᠤ ᠵᠡᠭᠦᠨᠰᠢ 100 ᠮᠧᠲᠷ ᠶᠠᠪᠤᠨ᠎ᠠ᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ ᠨᠡᠶᠢᠲᠡᠯᠡᠪᠡ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号