ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠳᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠭᠠᠪᠢᠶ᠎ᠠ ᠲᠠᠢ ᠬᠥᠮᠦᠰ ᠢ ᠱᠠᠩᠨᠠᠬᠤ
ᠨᠡᠶᠢᠲᠡᠯᠡᠭᠰᠡᠨ ᠴᠠᠭ᠄
2021/11/4
ᠬᠦᠯᠢᠶᠡᠨ ᠰᠢᠢᠳᠪᠦᠷᠢᠯᠡᠬᠦ ᠨᠥᠬᠦᠴᠡᠯ        ︵ᠨᠢᠭᠡ︶ ᠵᠥᠪᠰᠢᠶᠡᠷᠡᠬᠦ ᠶᠢᠨ ᠨᠥᠬᠦᠴᠡᠯ᠄ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠳᠤ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠭᠠᠪᠢᠶ᠎ᠠ ᠲᠠᠢ ᠬᠤᠪᠢ ᠬᠥᠮᠦᠨ ᠳᠤ ᠱᠠᠩᠨᠠᠯ ᠣᠯᠭᠤᠬᠤ ᠨᠥᠬᠦᠴᠡᠯ᠄ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠨᠢ ᠢᠯᠡᠴᠢᠯᠡᠨ ᠮᠡᠳᠡᠭᠦᠯᠬᠦ ᠤᠲᠠᠰᠤ ᠪᠣᠯᠤᠨ ᠵᠠᠬᠢᠳᠠᠯ ᠤᠨ ᠬᠠᠶᠢᠷᠴᠠᠭ ᠲᠣᠬᠢᠷᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠢᠯᠡᠴᠢᠯᠡᠬᠦ ᠪᠠ ᠬᠢᠨᠠᠯᠲᠠ ᠲᠠᠯᠪᠢᠬᠤ ᠶᠢ ᠬᠦᠯᠢᠶᠡᠬᠦ ᠶᠢᠨ ᠬᠠᠮᠲᠤ ᠢᠯᠡᠴᠢᠯᠡᠨ ᠮᠡᠳᠡᠭᠦᠯᠦᠭᠰᠡᠨ ᠭᠠᠪᠢᠶ᠎ᠠ ᠲᠠᠢ ᠬᠥᠮᠦᠰ ᠢ ᠱᠠᠩᠨᠠᠬᠤ ᠬᠡᠷᠡᠭᠲᠡᠶ᠃ ︵ᠬᠤᠶᠠᠷ︶ ᠵᠥᠪᠰᠢᠶᠡᠷᠡᠬᠦ ᠥᠭᠡᠢ ᠪᠠᠶᠢᠳᠠᠯ᠄ ᠳᠡᠭᠡᠷ᠎ᠡ ᠳᠤᠷᠠᠳᠤᠭᠰᠠᠨ ᠬᠥᠬᠢᠭᠦᠯᠦᠨ ᠰᠠᠶᠢᠰᠢᠶᠠᠬᠤ ᠨᠥᠬᠦᠴᠡᠯ ᠳᠤ ᠨᠡᠶᠢᠴᠡᠬᠦ ᠥᠭᠡᠢ ᠪᠣᠯ ᠱᠠᠩᠨᠠᠵᠤ ᠬᠥᠬᠢᠭᠦᠯᠬᠦ ᠥᠭᠡᠢ᠃ ︵ᠭᠤᠷᠪᠠ︶ ᠲᠣᠳᠣᠷᠬᠠᠶᠢᠯᠠᠬᠤ ᠴᠢᠬᠤᠯᠠᠲᠠᠶ ᠪᠤᠰᠤᠳ ᠪᠠᠶᠢᠳᠠᠯ᠄ ᠪᠠᠶᠢᠬᠤ ᠦᠭᠡᠢ᠃   ᠲᠣᠭᠲᠠᠭᠠᠭᠰᠠᠨ ᠦᠨᠳᠦᠰᠦᠯᠡᠯ       【 ᠵᠠᠰᠠᠭ ᠵᠠᠬᠢᠷᠭᠠᠨ ᠤ ᠬᠠᠤᠯᠢ ᠲᠣᠭᠲᠠᠭᠠᠯ 】 ︽ᠪᠦᠬᠦ ᠤᠯᠤᠰ ᠤᠨ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠳᠦᠷᠢᠮ︾ ︵ᠳᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ 473 ᠳ᠋ᠤᠭᠠᠷ ᠲᠣᠭᠠᠲᠤ︶ ᠳᠥᠴᠢᠨ ᠨᠢᠭᠡᠳᠦᠭᠡᠷ ᠵᠤᠷᠪᠤᠰ᠂ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠢᠯᠡᠴᠢᠯᠡᠨ ᠮᠡᠳᠡᠭᠦᠯᠬᠦ ᠤᠲᠠᠰᠤ ᠪᠣᠯᠤᠨ ᠵᠠᠬᠢᠳᠠᠯ ᠤᠨ ᠬᠠᠶᠢᠷᠴᠠᠭ ᠲᠣᠬᠢᠷᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠪᠠ ᠬᠢᠨᠠᠯᠲᠠ ᠲᠠᠯᠪᠢᠬᠤ  ᠶᠢ ᠬᠦᠯᠢᠶᠡᠬᠦ ᠶᠢᠨ ᠬᠠᠮᠲᠤ ᠢᠯᠡᠴᠢᠯᠡᠨ ᠮᠡᠳᠡᠭᠦᠯᠦᠭᠰᠡᠨ ᠭᠠᠪᠢᠶ᠎ᠠ ᠲᠠᠢ ᠬᠥᠮᠦᠰ ᠢ ᠱᠠᠩᠨᠠᠬᠤ ᠬᠡᠷᠡᠭᠲᠡᠶ᠃ ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 35 —  ᠳ᠋ᠤᠭᠠᠷ ᠴᠣᠩᠬᠤ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠨ᠎ᠠ᠃ 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ  ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ ᠨᠡᠶᠢᠲᠡᠯᠡᠪᠡ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号