ᠬᠦᠯᠢᠶᠡᠨ ᠰᠢᠢᠳᠪᠦᠷᠢᠯᠡᠬᠦ ᠨᠥᠬᠦᠴᠡᠯ | ︵ᠨᠢᠭᠡ︶ ᠵᠥᠪᠰᠢᠶᠡᠷᠡᠬᠦ ᠨᠥᠬᠦᠴᠡᠯ᠄ 1. ᠡᠴᠢᠭᠡ ᠡᠬᠡ ᠪᠠᠨ ᠠᠯᠳᠠᠭᠰᠠᠨ᠂ ᠲᠥᠷᠥᠭᠰᠡᠨ ᠡᠴᠢᠭᠡ | ᠡᠬᠡ ᠪᠠᠨ ᠡᠷᠢᠵᠦ ᠤᠯᠬᠤ ᠥᠬᠡᠶ ᠪᠦᠬᠦᠯᠢ 18 ᠨᠠᠰᠤ ᠬᠦᠷᠦᠭᠡᠳᠦᠢ ᠨᠠᠰᠤᠨ ᠳᠤ ᠥᠯᠥ ᠭᠦᠷᠦᠭᠰᠡᠳ᠃ 2. ᠠᠷᠤ | ᠬᠤᠷᠴᠢᠨ ᠬᠤᠰᠢᠭᠤᠨ ᠤ ᠡᠷᠦᠬᠡ ᠠᠮᠠ ᠶᠢᠨ ᠲᠠᠩᠰᠠ ᠲᠠᠢ᠃ 3. ᠥᠨᠥᠴᠢᠨ ᠬᠡᠦᠬᠡᠳ ᠤᠨ ᠬᠢᠨᠠᠨ | ᠬᠠᠮᠠᠭᠠᠯᠠᠭᠴᠢ ᠨᠢ ᠥᠨᠥᠴᠢᠨ ᠬᠡᠦᠬᠡᠳ ᠤᠨ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠤᠨ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠶᠤ ᠰᠤᠮᠤ ᠰᠢᠶᠠᠩ ︵ᠪᠠᠯᠭᠠᠰᠤ︶ ᠤᠨ ᠠᠷᠠᠳ ᠤᠨ ᠵᠠᠰᠠᠭ ᠤᠨ | ᠣᠷᠳᠣᠨ ᠳᠤ ᠭᠤᠶᠤᠴᠢᠯᠠᠯ ᠭᠠᠷᠭᠠᠵᠤ᠂ ᠭᠤᠶᠤᠴᠢᠯᠠᠬᠤ ᠳᠠᠭᠠᠨ ᠥᠨᠥᠴᠢᠨ ᠬᠡᠦᠬᠡᠳ ᠤᠨ ᠡᠴᠢᠭᠡ ᠡᠬᠡ ᠶᠢᠨ | ᠥᠭᠦᠭᠰᠡᠨ ᠭᠡᠷᠡᠴᠢ ᠪᠤᠶᠤ ᠠᠷᠠᠳ ᠤᠨ ᠰᠢᠭᠦᠬᠦ ᠬᠤᠷᠢᠶ᠎ᠠ ᠠᠴᠠ ᠥᠨᠥᠴᠢᠨ ᠬᠡᠦᠬᠡᠳ ᠤᠨ ᠡᠴᠢᠭᠡ ᠡᠬᠡ ᠶᠢᠨ | ᠥᠭᠦᠭᠰᠡᠨ ᠪᠤᠶᠤ ᠠᠯᠠᠭ᠎ᠠ ᠪᠣᠯᠤᠭᠰᠠᠨ ᠢ ᠵᠠᠷᠯᠠᠭᠰᠠᠨ ᠭᠡᠷᠡᠴᠢ ᠶᠢ ᠭᠠᠷᠭᠠᠵᠤ ᠥᠭᠬᠦ ᠬᠡᠷᠡᠭᠲᠡᠶ᠃ ︵ᠬᠤᠶᠠᠷ︶ ᠦᠯᠦ | ᠵᠥᠪᠰᠢᠶᠡᠷᠡᠬᠦ ᠪᠠᠶᠢᠳᠠᠯ᠄ 1. ᠭᠤᠶᠤᠴᠢᠯᠠᠭᠴᠢ ᠶᠢᠨ ᠨᠥᠬᠦᠴᠡᠯ ᠨᠢ ᠱᠠᠭᠠᠷᠳᠠᠯᠭ᠎ᠠ ᠳᠤ ᠨᠡᠶᠢᠴᠡᠬᠦ ᠦᠭᠡᠢ᠃ 2. | ᠭᠤᠶᠤᠴᠢᠯᠠᠭᠴᠢ ᠶᠢᠨ ᠳᠡᠪᠰᠢᠭᠦᠯᠦᠭᠰᠡᠨ ᠭᠤᠶᠤᠴᠢᠯᠠᠯ ᠤᠨ ᠮᠠᠲ᠋ᠧᠷᠢᠶᠠᠯ ᠨᠢ ᠬᠤᠳᠠᠯ ᠬᠠᠭᠤᠷᠮᠠᠭ᠃ ︵ᠭᠤᠷᠪᠠ︶ | ᠲᠣᠳᠣᠷᠬᠠᠶᠢᠯᠠᠬᠤ ᠴᠢᠬᠤᠯᠠᠲᠠᠶ ᠪᠤᠰᠤᠳ ᠪᠠᠶᠢᠳᠠᠯ ᠤᠳ᠄ ᠥᠨᠥᠴᠢᠨ ᠬᠡᠤᠬᠡᠳ ᠪᠦᠬᠦᠯᠢ 18 ᠨᠠᠰᠤ ᠬᠦᠷᠴᠦ᠂ | ᠡᠩ ᠤᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠶᠢᠨ ᠰᠤᠷᠭᠠᠭᠤᠯᠢ᠂ ᠳᠡᠭᠡᠳᠦ ᠵᠡᠷᠭᠡ ᠶᠢᠨ ᠲᠤᠰᠬᠠᠶ | ᠮᠡᠷᠭᠡᠵᠢᠯ ᠤᠨ ᠰᠤᠷᠭᠠᠭᠤᠯᠢ ᠪᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠰᠤᠷᠤᠯᠴᠠᠵᠤ ᠪᠠᠶᠢᠭ᠎ᠠ | ᠪᠣᠯ ᠦᠷᠭᠦᠯᠵᠢᠯᠡᠨ ᠥᠨᠥᠴᠢᠨ ᠬᠡᠤᠬᠡᠳ ᠤᠨ ᠨᠥᠬᠦᠪᠥᠷᠢ ᠮᠥᠩᠭᠦ ᠭᠥᠷᠳᠡᠨ᠎ᠡ᠃ | | ᠲᠣᠭᠲᠠᠭᠠᠭᠰᠠᠨ ᠦᠨᠳᠦᠰᠦᠯᠡᠯ | 【 ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ 】 ︽ᠥᠨᠥᠴᠢᠨ ᠬᠡᠦᠬᠡᠳ ᠤᠨ ᠪᠠᠲᠤᠯᠠᠭ᠎ᠠ ᠶᠢᠨ | ᠠᠵᠢᠯ ᠢ ᠴᠢᠩᠭᠠᠳᠬᠠᠬᠤ ᠲᠤᠬᠠᠶ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ | ᠲᠦᠷᠦ ᠠᠯᠪᠠᠨ ᠲᠠᠷᠬᠠᠭᠠᠭᠰᠠᠨ [2010] 54 ᠳ᠋ᠦ᠋ᠭᠡᠷ ᠲᠣᠭᠠᠲᠤ︶ | ᠬᠤᠶᠠᠷ᠂ ᠥᠨᠥᠴᠢᠨ ᠬᠡᠦᠬᠡᠳ ᠤᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ | ᠥᠨᠥᠴᠢᠨ ᠬᠡᠦᠬᠡᠳ ᠤᠨ ᠦᠨᠳᠦᠰᠦᠨ ᠡᠷᠬᠡ ᠠᠰᠢᠭ ᠢ ᠬᠠᠮᠠᠭᠠᠯᠠᠨ᠎ᠠ᠃ | ︵ᠨᠢᠭᠡ︶ ᠥᠨᠥᠴᠢᠨ ᠬᠡᠤᠬᠡᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠲᠦᠷᠢᠮ ᠢ | ᠪᠠᠶᠢᠭᠤᠯᠤᠨ᠎ᠠ᠃ ᠥᠨᠥᠴᠢᠨ ᠬᠡᠦᠬᠡᠳ ᠤᠨ ᠦᠨᠳᠦᠰᠦᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ | ᠥᠨᠥᠴᠢᠨ ᠬᠡᠦᠬᠡᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠲᠦᠷᠢᠮ ᠢ ᠪᠠᠶᠢᠭᠤᠯᠤᠨ᠎ᠠ᠃ ᠡᠯ᠎ᠡ ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠵᠠᠰᠠᠭ ᠤᠨ ᠣᠷᠳᠣᠨ ᠲᠤᠬᠠᠶ ᠶᠢᠨ ᠭᠠᠵᠠᠷ ᠤᠨ | ᠳᠤᠮᠳᠠᠴᠢ ᠠᠮᠢᠳᠤᠷᠠᠯ ᠤᠨ ᠬᠢᠷᠢ ᠬᠡᠮᠵᠢᠶ᠎ᠡ ᠠᠴᠠ ᠳᠣᠣᠷ᠎ᠠ ᠦᠭᠡᠢ ᠪᠠᠶᠢᠯᠭᠠᠬᠤ ᠵᠠᠷᠴᠢᠮ ᠶᠣᠰᠣᠭᠠᠷ᠂ ᠥᠨᠥᠴᠢᠨ | ᠬᠡᠦᠬᠡᠳ ᠤᠨ ᠦᠨᠳᠦᠰᠦᠨ ᠠᠮᠢᠳᠤᠷᠠᠯ ᠤᠨ ᠨᠠᠭᠠᠳᠤ ᠵᠠᠬ᠎ᠠ ᠶᠢᠨ ᠠᠰᠠᠷᠠᠨ ᠬᠥᠮᠦᠵᠢᠭᠦᠯᠬᠦ ᠪᠠᠷᠢᠮᠵᠢᠶ᠎ᠠ ᠶᠢ ᠵᠦᠢ | ᠵᠣᠬᠢᠰᠲᠠᠶ ᠲᠣᠭᠲᠠᠭᠠᠵᠤ᠂ ᠪᠠᠶᠢᠭᠤᠯᠤᠮᠵᠢ ᠶᠢᠨ ᠠᠰᠠᠷᠠᠨ ᠬᠥᠮᠥᠵᠢᠭᠦᠯᠬᠦ ᠥᠨᠥᠴᠢᠨ ᠬᠡᠦᠬᠡᠳ ᠤᠨ ᠠᠰᠠᠷᠠᠨ | ᠬᠥᠮᠦᠵᠢᠭᠦᠯᠬᠦ ᠪᠠᠷᠢᠮᠵᠢᠶ᠎ᠠ ᠶᠢ ᠨᠡᠶᠢᠭᠡᠮ ᠳᠡᠭᠡᠷᠡᠬᠢ ᠥᠨᠥᠴᠢᠨ ᠬᠡᠦᠬᠡᠳ ᠤᠨ ᠠᠰᠠᠷᠠᠨ ᠬᠥᠮᠦᠵᠢᠭᠦᠯᠬᠦ ᠪᠠᠷᠢᠮᠵᠢᠶ᠎ᠠ ᠠᠴᠠ | ᠥᠨᠳᠥᠷ ᠪᠠᠶᠢᠯᠭᠠᠬᠤ ᠬᠡᠷᠡᠭᠲᠡᠶ ᠪᠥᠭᠡᠳ ᠥᠨᠥᠴᠢᠨ ᠬᠡᠦᠬᠡᠳ ᠤᠨ ᠦᠨᠳᠦᠰᠦᠨ ᠠᠮᠢᠳᠤᠷᠠᠯ ᠤᠨ ᠨᠠᠭᠠᠳᠤ ᠵᠠᠬ᠎ᠠ ᠶᠢᠨ | ᠠᠰᠠᠷᠠᠨ ᠬᠥᠮᠦᠵᠢᠭᠦᠯᠬᠦ ᠪᠠᠷᠢᠮᠵᠢᠶ᠎ᠠ ᠶᠢᠨ ᠠᠶᠠᠨᠳᠠᠭᠠᠨ ᠨᠡᠮᠡᠭᠳᠡᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃ ᠣᠷᠣᠨ | ᠨᠤᠲᠤᠭ ᠤᠨ ᠡᠯ᠎ᠡ ᠱᠠᠲᠤᠨ ᠤ ᠡᠳ᠋ ᠤᠨ ᠵᠠᠰᠠᠭ ᠨᠢ ᠲᠤᠰᠬᠠᠶ ᠪᠠᠯᠠ ᠮᠥᠩᠭᠦ ᠳᠣᠭᠢᠷᠠᠭᠤᠯᠵᠤ᠂ ᠥᠨᠥᠴᠢᠨ | ᠬᠡᠤᠬᠡᠳ ᠤᠨ ᠦᠨᠳᠦᠰᠦᠨ ᠠᠮᠢᠳᠤᠷᠠᠯ ᠤᠨ ᠵᠠᠷᠤᠳᠠᠯ ᠢ ᠴᠠᠭ ᠲᠤᠬᠠᠶ ᠳᠤᠨᠢ ᠲᠤᠭ᠎ᠠ ᠶᠣᠰᠣᠭᠠᠷ | ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ︔ ᠲᠥᠪ ᠤᠨ ᠡᠳ᠋ ᠤᠨ ᠵᠠᠰᠠᠭ ᠠᠴᠠ ᠲᠤᠰᠬᠠᠶ ᠵᠦᠢᠯ ᠤᠨ | ᠪᠡᠯᠡ ᠮᠥᠩᠭᠦ ᠲᠣᠬᠢᠷᠠᠭᠤᠯᠵᠤ᠂ ᠣᠷᠣᠨ ᠨᠤᠲᠤᠭ ᠤᠨ ᠵᠠᠷᠤᠴᠠᠭᠤᠯᠤᠭᠰᠠᠨ ᠥᠨᠥᠴᠢᠨ ᠬᠡᠦᠬᠡᠳ ᠤᠨ ᠠᠮᠢᠳᠤᠷᠠᠯ ᠤᠨ | ᠦᠨᠳᠦᠰᠦᠨ ᠵᠠᠷᠤᠳᠠᠯ ᠳᠤ ᠵᠣᠬᠢᠬᠤ ᠪᠠᠷᠢᠮᠵᠢᠶ᠎ᠠ ᠪᠠᠷ ᠨᠥᠬᠦᠪᠥᠷᠢ ᠥᠭᠭᠦᠨ᠎ᠡ᠃ ᠠᠷᠠᠳ ᠤᠨ ᠶᠠᠪᠤᠳᠠᠯ᠂ ᠡᠳ᠋ ᠤᠨ | ᠵᠠᠰᠠᠭ ᠤᠨ ᠰᠠᠯᠠᠭ᠎ᠠ ᠮᠥᠴᠢᠷ ᠥᠨᠥᠴᠢᠨ ᠬᠡᠦᠬᠡᠳ ᠤᠨ ᠦᠨᠳᠦᠰᠦᠨ ᠠᠮᠢᠳᠤᠷᠠᠯ ᠤᠨ ᠵᠠᠷᠤᠳᠠᠯ ᠳᠤ ᠴᠢᠩᠭ᠎ᠠ ᠨᠢᠮᠪᠠᠢ | ᠬᠠᠮᠢᠶᠠᠷᠤᠯᠲᠠ ᠶᠢᠨ ᠲᠥᠷᠢᠮ ᠪᠠᠶᠢᠭᠤᠯᠤᠨ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠂ ᠲᠤᠰᠬᠠᠶ | ᠵᠦᠢᠯ ᠢ ᠲᠤᠰᠬᠠᠶ ᠵᠦᠢᠯ ᠲᠤᠨᠢ ᠬᠡᠷᠡᠭᠯᠡᠬᠦ ᠶᠢ ᠦᠨᠡᠨᠬᠦ ᠪᠠᠲᠤᠯᠠᠵᠤ᠂ ᠴᠠᠭ ᠲᠤᠬᠠᠶ ᠲᠤᠨᠢ ᠣᠯᠭᠤᠵᠤ᠂ ᠥᠨᠥᠴᠢᠨ | ᠬᠡᠦᠬᠡᠳ ᠤᠨ ᠦᠨᠳᠦᠰᠦᠨ ᠠᠮᠢᠳᠤᠷᠠᠯ ᠤᠨ ᠵᠠᠷᠤᠳᠠᠯ ᠢ ᠥᠨᠥᠴᠢᠨ ᠬᠡᠦᠬᠡᠳ ᠲᠤ ᠣᠯᠭᠤᠬᠤ ᠶᠢ ᠦᠨᠡᠨᠬᠦ ᠪᠠᠲᠤᠯᠠᠬᠤ | ᠬᠡᠷᠡᠭᠲᠡᠶ᠃ | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ | | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ | ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 29 | ᠳ᠋ᠤᠭᠠᠷ ᠴᠣᠩᠬᠤ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ | ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠨ᠎ᠠ᠃ 2᠂ 3 ᠳ᠋ᠤᠭᠠᠷ ᠵᠠᠮ ᠤᠨ | ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃ | | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ | ᠨᠡᠶᠢᠲᠡᠯᠡᠪᠡ᠃ | | ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ |