ᠬᠦᠯᠢᠶᠡᠨ ᠰᠢᠢᠳᠪᠦᠷᠢᠯᠡᠬᠦ ᠨᠥᠬᠦᠴᠡᠯ | ︵ᠨᠢᠭᠡ︶ ᠵᠥᠪᠰᠢᠶᠡᠷᠡᠬᠦ ᠨᠥᠬᠦᠴᠡᠯ᠄ 1. ᠦᠷ᠎ᠡ ᠶᠢᠨ ᠮᠠᠯ ᠵᠢᠭᠦᠷᠲᠡᠨ ᠤ ᠡᠭᠦᠯᠳᠡᠷ ᠢ ᠲᠣᠬᠢᠷᠠᠭᠤᠯᠬᠤ ᠨᠢ | ᠭᠡᠷ ᠤᠨ ᠲᠡᠵᠢᠭᠡᠪᠦᠷᠢ ᠭᠡᠷ ᠤᠨ ᠵᠢᠭᠦᠷᠲᠡᠨ ᠢ ᠰᠠᠶᠢᠵᠢᠷᠠᠭᠤᠯᠬᠤ ᠴᠢᠭᠯᠡᠯ ᠳᠤ ᠨᠡᠶᠢᠴᠡᠵᠦ᠂ ᠰᠠᠶᠢᠨ ᠡᠭᠦᠯᠳᠡᠷ ᠢ | ᠦᠷᠡᠵᠢᠭᠦᠯᠦᠨ ᠪᠤᠶᠢᠵᠢᠭᠤᠯᠬᠤ ᠰᠢᠰᠲ᠋ᠧᠮ ᠤᠨ ᠲᠥᠯᠥᠪᠵᠢᠭᠦᠯᠭᠡ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠳᠤ | ᠨᠡᠶᠢᠴᠡᠬᠦ᠃ 2. ᠬᠡᠷᠡᠭᠯᠡᠭᠰᠡᠨ ᠦᠷ᠎ᠡ ᠶᠢᠨ ᠮᠠᠯ ᠵᠢᠭᠦᠷᠲᠡᠨ ᠨᠢ ᠬᠢᠷᠢ ᠲᠡᠩᠴᠡᠭᠰᠡᠨ᠂ ᠰᠢᠯᠢᠳᠡᠭ ᠰᠠᠶᠢᠨ᠂ | ᠢᠷᠡᠯᠳᠡ ᠨᠢ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠭᠰᠡᠨ ᠪᠥᠭᠡᠳ ᠵᠣᠬᠢᠬᠤ ᠲᠤᠭ᠎ᠠ ᠬᠡᠮᠵᠢᠶᠡᠨ ᠳᠤ ᠬᠦᠷᠦᠭᠰᠡᠨ᠃ | 3. ᠮᠠᠯ ᠠᠵᠤ ᠠᠬᠤᠶ ᠮᠠᠯ ᠡᠮᠨᠡᠯᠭᠡ ᠶᠢᠨ ᠵᠣᠬᠢᠴᠠᠩᠭᠤᠶ ᠮᠡᠷᠭᠡᠵᠢᠯ ᠤᠨ ᠠᠵᠢᠯᠳᠠᠨ᠂ ᠠᠵᠢᠯᠯᠠᠵᠤ ᠪᠠᠶᠢᠭ᠎ᠠ | ᠬᠥᠮᠦᠰ ᠲᠠᠢ ᠪᠠᠶᠢᠵᠤ᠂ ᠲᠤᠰᠬᠠᠶ ᠮᠡᠷᠭᠡᠵᠢᠯ ᠤᠨ ᠪᠣᠯᠪᠠᠰᠤᠷᠠᠯ ᠳᠤ ᠬᠢᠷᠢ ᠲᠡᠩᠴᠡᠭᠰᠡᠨ ᠪᠠᠶᠢᠬᠤ᠃ 4. | ᠦᠷᠡᠵᠢᠭᠦᠯᠦᠨ ᠪᠤᠶᠢᠵᠢᠭᠤᠯᠬᠤ ᠵᠣᠬᠢᠴᠠᠩᠭᠤᠶ ᠰᠠᠭᠤᠷᠢ ᠲᠥᠬᠦᠭᠡᠷᠦᠮᠵᠢ ᠪᠠ ᠲᠥᠬᠦᠭᠡᠷᠦᠮᠵᠢ ᠲᠠᠢ ᠪᠠᠶᠢᠵᠤ᠂ | ᠬᠢᠵᠢᠭ ᠢ ᠰᠡᠷᠭᠡᠶᠢᠯᠡᠬᠦ ᠵᠣᠬᠢᠴᠠᠩᠭᠤᠶ ᠲᠥᠬᠦᠭᠡᠷᠦᠮᠵᠢ ᠲᠠᠢ ᠪᠠᠶᠢᠬᠤ᠃ 5. ᠪᠦᠷᠢᠨ ᠲᠡᠭᠦᠯᠳᠡᠷ ᠶᠠᠰᠤ ᠴᠢᠨᠠᠷ ᠤᠨ | ᠬᠠᠮᠢᠶᠠᠷᠤᠯᠲᠠ ᠪᠠ ᠦᠷ᠎ᠡ ᠪᠤᠶᠢᠵᠢᠭᠤᠯᠬᠤ ᠲᠡᠮᠳᠡᠭᠯᠡᠯ ᠤᠨ ᠲᠦᠷᠢᠮ ᠲᠠᠢ ᠪᠠᠶᠢᠬᠤ᠃ 6. ᠬᠠᠤᠯᠢ ᠴᠠᠭᠠᠵᠠ᠂ ᠵᠠᠰᠠᠭ | ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ ᠢ ᠪᠦᠷᠢᠳᠦᠭᠦᠯᠦᠭᠰᠡᠨ ᠪᠠᠶᠢᠬᠤ᠃ ︵ | ᠬᠤᠶᠠᠷ︶ ᠦᠯᠦ ᠵᠥᠪᠰᠢᠶᠡᠷᠡᠬᠦ ᠪᠠᠶᠢᠳᠠᠯ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠠᠯ ᠠᠵᠤ | ᠠᠬᠤᠶ ᠶᠢᠨ ᠬᠠᠤᠯᠢ︾᠂ ᠦᠷ᠎ᠡ ᠶᠢᠨ ᠮᠠᠯ ᠵᠢᠭᠦᠷᠲᠡᠨ ᠢ ᠪᠣᠶᠢᠵᠢᠭᠤᠯᠵᠤ ᠡᠵᠡᠩᠨᠡᠬᠦ ᠵᠥᠪᠰᠢᠶᠡᠷᠡᠯ ᠤᠨ ᠦᠨᠡᠮᠯᠡᠯ | ᠤᠯᠬᠤ ᠪᠠᠷ ᠭᠤᠶᠤᠴᠢᠯᠠᠬᠤ ᠨᠥᠬᠦᠴᠡᠯ ᠳᠤ ᠦᠯᠦ ᠨᠡᠶᠢᠴᠡᠬᠦ ᠶᠢ ᠨᠢ ᠵᠥᠪᠰᠢᠶᠡᠷᠡᠵᠦ ᠪᠣᠯᠬᠤ ᠦᠭᠡᠢ᠃ ︵ᠭᠤᠷᠪᠠ︶ | ᠲᠣᠳᠣᠷᠬᠠᠶᠢᠯᠠᠬᠤ ᠴᠢᠬᠤᠯᠠᠲᠠᠶ ᠪᠤᠰᠤᠳ ᠪᠠᠶᠢᠳᠠᠯ ᠳᠤ ᠬᠢᠨᠠᠨ ᠵᠥᠪᠰᠢᠶᠡᠷᠡᠬᠦ ᠲᠤᠭ᠎ᠠ ᠬᠡᠮᠵᠢᠶᠡᠨ ᠤ ᠬᠢᠵᠠᠭᠠᠷᠯᠠᠯ | ᠪᠠᠶᠢᠬᠤ ᠥᠬᠡᠶ᠃ | | ᠲᠣᠭᠲᠠᠭᠠᠭᠰᠠᠨ ᠦᠨᠳᠦᠰᠦᠯᠡᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠠᠯ ᠠᠵᠤ ᠠᠬᠤᠶ ᠶᠢᠨ ᠬᠠᠤᠯᠢ︾ ︵2005 | ᠣᠨ ᠤ 12 ᠰᠠᠷ᠎ᠠ ᠶᠢᠨ 29 ᠤ ᠡᠳᠦᠷ ᠤᠨ ᠲᠡᠷᠢᠭᠦᠯᠡᠭᠴᠢ ᠶᠢᠨ ᠳᠥᠴᠢᠨ ᠲᠠᠪᠤᠳᠤᠭᠠᠷ ᠵᠠᠷᠯᠢᠭ᠂ 2015 ᠣᠨ ᠤ | 4 ᠰᠠᠷ᠎ᠠ ᠶᠢᠨ 24 ᠤ ᠡᠳᠦᠷ ᠵᠠᠰᠠᠪᠤᠷᠢ ᠣᠷᠣᠭᠤᠯᠪᠠ︶ ᠶᠢᠨ ᠬᠤᠷᠢᠨ ᠳᠥᠷᠪᠡᠳᠦᠭᠡᠷ ᠵᠤᠷᠪᠤᠰ᠂ ᠭᠡᠷ ᠤᠨ | ᠲᠡᠵᠢᠭᠡᠪᠦᠷᠢ ᠶᠢᠨ ᠥᠨᠳᠡᠭᠡᠨ ᠡᠰ᠂ ᠢᠴᠡᠭᠡᠯ ᠦᠷ᠎ᠡ ᠶᠢᠨ ᠰᠢᠩᠭᠡᠨ᠂ ᠬᠦᠪᠦᠷᠡᠯ ᠵᠡᠷᠭᠡ ᠤᠳᠤᠮᠯᠠᠯ ᠤᠨ ᠮᠠᠲ᠋ᠧᠷᠢᠶᠠᠯ ᠢ | ᠦᠢᠯᠡᠳᠪᠦᠷᠢᠯᠡᠵᠦ ᠪᠣᠶᠢᠵᠢᠭᠤᠯᠬᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠤᠯᠬᠤ ᠪᠠᠷ ᠭᠤᠶᠤᠴᠢᠯᠠᠬᠤ ᠳᠤ᠂ | ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠮᠠᠯ ᠠᠵᠤ ᠠᠬᠤᠶ ᠮᠠᠯ ᠡᠮᠨᠡᠯᠭᠡ ᠶᠢᠨ ᠵᠠᠰᠠᠭ | ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠬᠤ ᠬᠡᠷᠡᠭᠲᠡᠶ᠃ ᠭᠤᠶᠤᠴᠢᠯᠠᠯ ᠢ | ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠮᠠᠯ ᠠᠵᠤ ᠠᠬᠤᠶ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠭᠤᠶᠤᠴᠢᠯᠠᠯ ᠢ ᠣᠯᠤᠭᠰᠠᠨ ᠡᠳᠦᠷ ᠠᠴᠠ ᠡᠬᠢᠯᠡᠨ ᠵᠢᠷᠠᠨ ᠠᠵᠢᠯ ᠤᠨ ᠡᠳᠦᠷ ᠤᠨ | ᠳᠣᠲᠣᠷ᠎ᠠ ᠪᠣᠶᠢᠵᠢᠭᠤᠯᠵᠤ ᠡᠵᠡᠩᠨᠡᠬᠦ ᠵᠥᠪᠰᠢᠶᠡᠷᠡᠯ ᠤᠨ ᠦᠨᠡᠮᠯᠡᠯ ᠣᠯᠭᠤᠬᠤ ᠡᠰᠡᠬᠦ ᠶᠢ ᠬᠠᠤᠯᠢ ᠶᠣᠰᠣᠭᠠᠷ | ᠲᠣᠭᠲᠠᠭᠠᠬᠤ ᠬᠡᠷᠡᠭᠲᠡᠶ᠃ ᠪᠤᠰᠤᠳ ᠦᠷ᠎ᠡ ᠶᠢᠨ ᠮᠠᠯ ᠵᠢᠭᠦᠷᠲᠡᠨ ᠢ ᠪᠣᠶᠢᠵᠢᠭᠤᠯᠵᠤ ᠡᠵᠡᠩᠨᠡᠬᠦ ᠵᠥᠪᠰᠢᠶᠡᠷᠡᠯ ᠤᠨ | ᠦᠨᠡᠮᠯᠡᠯ ᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠮᠠᠯ | ᠠᠵᠤ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ | ᠬᠠᠷᠭᠤᠭᠤᠯᠵᠤ ᠣᠯᠭᠤᠨ᠎ᠠ᠂ ᠬᠢᠨᠠᠨ ᠬᠠᠷᠭᠤᠭᠤᠯᠵᠤ ᠣᠯᠭᠤᠬᠤ ᠪᠣᠳᠠᠲᠠᠢ ᠠᠷᠭ᠎ᠠ ᠶᠢ ᠮᠤᠵᠢ ᠶᠢᠨ ᠱᠠᠲᠤᠨ ᠤ | ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ᠃ | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ | | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ | ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 35 ᠳ᠋ᠤᠭᠠᠷ | ᠴᠣᠩᠬᠤ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ | ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠨ᠎ᠠ᠃ 2᠂ 3 ᠳ᠋ᠤᠭᠠᠷ ᠵᠠᠮ ᠤᠨ | ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃ | | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ | ᠨᠡᠶᠢᠲᠡᠯᠡᠪᠡ᠃ | | ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ |