ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠯᠠ ᠮᠥᠩᠭᠦ ᠶᠢ ᠣᠯᠭᠤᠬᠤ ︵ᠡᠪᠦᠯ ᠬᠠᠪᠤᠷ ᠤᠨ ᠠᠪᠤᠷᠠᠨ ᠲᠤᠰᠠᠯᠠᠬᠤ ᠪᠠᠯᠠ ᠮᠥᠩᠭᠦ ᠶᠢ ᠣᠯᠭᠤᠬᠤ ᠪᠠᠭᠲᠠᠨ᠎ᠠ︶
ᠨᠡᠶᠢᠲᠡᠯᠡᠭᠰᠡᠨ ᠴᠠᠭ᠄
2021/11/5
ᠬᠦᠯᠢᠶᠡᠨ ᠰᠢᠢᠳᠪᠦᠷᠢᠯᠡᠬᠦ ᠨᠥᠬᠦᠴᠡᠯ        ︽ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠲᠦᠷᠢᠮ︾ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷᠤ ᠶᠢᠨ ᠶᠠᠪᠤᠳᠠᠯ ᠤᠨ ᠬᠤᠷᠢᠶᠠᠨ ᠤ ᠵᠠᠷᠯᠢᠭ 577 ᠳ᠋ᠤᠭᠠᠷ ᠲᠣᠭᠠᠲᠤ ᠬᠤᠷᠢᠨ ᠨᠢᠭᠡᠳᠦᠭᠡᠷ ᠵᠤᠷᠪᠤᠰ᠂ ᠪᠠᠶᠢᠭᠠᠯᠢ ᠶᠢᠨ ᠭᠠᠮᠰᠢᠭ ᠡᠭᠦᠰᠦᠭᠰᠡᠨ ᠤ ᠳᠠᠷᠠᠭᠠᠬᠢ ᠲᠤᠰ ᠵᠢᠯ ᠤᠨ ᠡᠪᠦᠯ᠂ ᠲᠠᠷᠠᠭ᠎ᠠ ᠵᠢᠯ ᠤᠨ ᠬᠠᠪᠤᠷ᠂ ᠭᠠᠮᠰᠢᠭᠳᠠᠭᠰᠠᠨ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠠᠮᠢᠳᠤᠷᠠᠯ ᠨᠢ ᠬᠦᠴᠢᠷᠳᠡᠯ ᠲᠠᠢ ᠭᠠᠮᠰᠢᠭᠳᠠᠭᠰᠠᠨ ᠬᠥᠮᠦᠰ ᠲᠤ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠯᠲᠠ ᠬᠠᠩᠭᠠᠬᠤ ᠬᠡᠷᠡᠭᠲᠡᠶ᠃ ᠭᠠᠮᠰᠢᠭᠳᠠᠭᠰᠠᠨ ᠣᠷᠣᠨ ᠤ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠵᠢᠯ ᠪᠦᠷᠢ ᠶᠢᠨ 10 ᠰᠠᠷ᠎ᠠ ᠶᠢᠨ ᠰᠡᠭᠦᠯᠴᠢ ᠠᠴᠠ ᠡᠮᠦᠨ᠎ᠡ ᠲᠤᠰ ᠵᠠᠰᠠᠭ ᠵᠠᠬᠢᠷᠭᠠᠨ ᠤ ᠣᠷᠣᠨ ᠤ ᠭᠠᠮᠰᠢᠭᠳᠠᠭᠰᠠᠨ ᠬᠥᠮᠦᠰ ᠤᠨ ᠲᠤᠰ ᠵᠢᠯ ᠤᠨ ᠡᠪᠦᠯ᠂ ᠳᠠᠷᠠᠭ᠎ᠠ ᠵᠢᠯ ᠤᠨ ᠬᠠᠪᠤᠷ ᠤᠨ ᠦᠨᠳᠦᠰᠦᠨ ᠠᠮᠢᠳᠤᠷᠠᠯ ᠤᠨ ᠬᠦᠴᠢᠷᠳᠡᠯ ᠪᠠ ᠬᠡᠷᠡᠭᠴᠡᠭᠡ ᠶᠢ ᠪᠦᠷᠢᠳᠬᠡᠨ ᠦᠨᠡᠯᠡᠵᠦ᠂ ᠲᠡᠩᠬᠡᠷᠡᠭᠦᠯᠦᠨ ᠲᠤᠰᠠᠯᠠᠬᠤ ᠡᠲᠡᠭᠡᠳ ᠢ ᠬᠢᠨᠠᠨ ᠬᠠᠷᠭᠤᠭᠤᠯᠵᠤ᠂ ᠠᠵᠢᠯ ᠤᠨ ᠡᠭᠡ ᠲᠠᠩᠰᠠ ᠨᠠᠶᠢᠷᠠᠭᠤᠯᠤᠨ ᠵᠣᠬᠢᠶᠠᠵᠤ᠂ ᠲᠡᠩᠬᠡᠷᠡᠭᠦᠯᠦᠨ ᠲᠤᠰᠠᠯᠠᠬᠤ ᠠᠵᠢᠯ ᠤᠨ ᠲᠥᠰᠦᠯ ᠲᠣᠭᠲᠠᠭᠠᠨ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠲᠠᠷᠠᠭ᠎ᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃      ᠲᠣᠭᠲᠠᠭᠠᠭᠰᠠᠨ ᠦᠨᠳᠦᠰᠦᠯᠡᠯ        ︽ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠲᠦᠷᠢᠮ︾ ︵ᠲᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ 577 ᠳ᠋ᠤᠭᠠᠷ ᠲᠣᠭᠠᠲᠤ︶ ᠤᠨ ᠠᠷᠪᠠᠨ ᠳᠥᠷᠪᠡᠳᠦᠭᠡᠷ  ᠵᠤᠷᠪᠤᠰ᠂ ᠪᠠᠶᠢᠭᠠᠯᠢ ᠶᠢᠨ ᠭᠠᠮᠰᠢᠭ ᠡᠭᠦᠰᠦᠭᠰᠡᠨ ᠪᠥᠭᠡᠳ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠡᠬᠢᠯᠡᠭᠦᠯᠬᠦ ᠨᠥᠬᠦᠴᠡᠯ ᠳᠤ ᠬᠦᠷᠦᠭᠰᠡᠨ ᠪᠤᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠤᠶᠤ ᠠᠷᠠᠳ ᠤᠨ ᠵᠠᠰᠠᠭ ᠤᠨ ᠣᠷᠳᠣᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶᠢᠯᠡᠨ ᠵᠣᠬᠢᠴᠠᠭᠤᠯᠬᠤ ᠪᠠᠶᠢᠭᠤᠯᠤᠮᠵᠢ ᠠᠴᠠ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠳᠠᠭᠠᠯ ᠠᠵᠢᠯᠯᠠᠭᠠᠨ ᠢ ᠴᠠᠭ ᠲᠤᠬᠠᠶ ᠳᠤᠨᠢ ᠡᠬᠢᠯᠡᠭᠦᠯᠵᠦ᠂ ᠳᠣᠣᠷ᠎ᠠ ᠵᠢᠭᠰᠠᠭᠠᠭᠰᠠᠨ ᠨᠢᠭᠡ ᠵᠦᠢᠯ ᠪᠤᠶᠤ ᠤᠯᠠᠨ ᠵᠦᠢᠯ ᠤᠨ ᠠᠷᠭ᠎ᠠ ᠬᠡᠮᠵᠢᠶ᠎ᠡ ᠶᠢ ᠠᠪᠬᠤ ᠬᠡᠷᠡᠭᠲᠡᠶ᠄        ︵ᠨᠢᠭᠡ︶ ᠵᠠᠰᠠᠭ ᠤᠨ ᠣᠷᠳᠣᠨ ᠤ ᠠᠷᠭᠠᠴᠠᠬᠤ ᠠᠷᠭ᠎ᠠ ᠬᠡᠮᠵᠢᠶ᠎ᠡ ᠪᠠ ᠤᠯᠠᠨ ᠨᠡᠶᠢᠲᠡ ᠶᠢᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠡᠶᠢᠭᠡᠮ ᠳᠤ ᠲᠡᠷᠡ ᠳᠠᠷᠤᠶ ᠳᠤᠨᠢ ᠨᠡᠶᠢᠲᠡᠯᠡᠨ᠎ᠡ᠃        ︵ᠬᠤᠶᠠᠷ︶ ᠭᠠᠮᠰᠢᠭᠳᠠᠭᠰᠠᠨ ᠬᠥᠮᠦᠰ ᠢ ᠪᠠᠴᠢᠮ ᠲᠦᠷᠭᠡᠨ ᠰᠢᠯᠵᠢᠭᠦᠯᠦᠨ ᠲᠥᠪᠬᠢᠨᠡᠭᠦᠯᠬᠦ᠃        ︵ᠭᠤᠷᠪᠠ︶ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠪᠡᠯᠡ ᠮᠥᠩᠭᠦ ᠪᠠ ᠡᠳ᠋ ᠪᠣᠳᠠᠰ ᠢ ᠵᠥᠭᠡᠭᠡᠪᠦᠷᠢᠯᠡᠨ ᠪᠠᠴᠢᠮ ᠰᠢᠯᠵᠢᠭᠦᠯᠦᠨ ᠦᠭᠴᠦ᠂ ᠭᠠᠮᠰᠢᠭᠳᠠᠭᠰᠠᠨ ᠬᠥᠮᠦᠰ ᠲᠤ ᠢᠳᠡᠭᠡᠨ᠂ ᠤᠤᠭᠤᠬᠤ ᠤᠰᠤ᠂ ᠬᠤᠪᠴᠠᠰᠤ ᠬᠤᠨᠠᠷ᠂ ᠳᠤᠯᠠᠭᠠᠴᠠᠯᠭ᠎ᠠ᠂ ᠲᠦᠷ ᠴᠠᠭ ᠤᠨ ᠣᠷᠣᠨ ᠰᠠᠭᠤᠴᠠ᠂ ᠡᠮ ᠡᠮᠨᠡᠯᠭᠡ ᠬᠢᠵᠢᠭ ᠢ ᠰᠡᠷᠭᠡᠶᠢᠯᠡᠬᠦ ᠵᠡᠷᠭᠡ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠯᠲᠠ ᠶᠢ ᠴᠠᠭ ᠲᠤᠬᠠᠶ ᠳᠤᠨᠢ ᠬᠠᠩᠭᠠᠵᠤ᠂ ᠭᠠᠮᠰᠢᠭᠳᠠᠭᠰᠠᠨ ᠬᠥᠮᠦᠰ ᠤᠨ ᠦᠨᠳᠦᠰᠦᠨ ᠠᠮᠢᠳᠤᠷᠠᠯ ᠢ ᠪᠠᠲᠤᠯᠠᠨ᠎ᠠ᠃        ︵ᠲᠦᠷᠪᠡ︶ ᠭᠠᠮᠰᠢᠭᠳᠠᠭᠰᠠᠨ ᠬᠥᠮᠦᠰ ᠢ ᠲᠣᠬᠤᠨᠢᠭᠤᠯᠵᠤ᠂ ᠠᠳᠡᠭᠳᠡᠭᠰᠡᠳ ᠤᠨ ᠬᠤᠶᠢᠲᠤᠬᠢ ᠶᠠᠪᠤᠳᠠᠯ ᠢ ᠰᠢᠢᠳᠪᠦᠷᠢᠯᠡᠨ᠎ᠡ᠃        ︵ᠲᠠᠪᠤ︶ ᠭᠠᠮᠰᠢᠭᠳᠠᠭᠰᠠᠨ ᠬᠥᠮᠦᠰ ᠢ ᠵᠣᠬᠢᠶᠠᠨ ᠪᠠᠶᠢᠭᠤᠯᠵᠤ ᠥᠪᠡᠷ ᠢ ᠪᠠᠨ ᠠᠪᠤᠷᠠᠵᠤ ᠬᠠᠷᠢᠯᠴᠠᠨ ᠠᠪᠤᠷᠠᠬᠤ ᠠᠵᠢᠯ ᠢ ᠥᠷᠨᠢᠭᠦᠯᠦᠨ᠎ᠡ᠃        ︵ᠵᠢᠷᠭᠤᠭ᠎ᠠ︶ ᠭᠠᠮᠰᠢᠭ ᠤᠨ ᠪᠠᠶᠢᠳᠠᠯ ᠤᠨ ᠬᠠᠨᠳᠤᠰᠢ ᠪᠠ ᠭᠠᠮᠰᠢᠭᠳᠠᠭᠰᠠᠨ ᠣᠷᠣᠨ ᠤ ᠬᠡᠷᠡᠭᠴᠡᠭᠡ ᠶᠢ ᠵᠠᠳᠠᠯᠤᠨ ᠦᠨᠡᠯᠡᠵᠦ᠂ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠵᠣᠬᠢᠰᠲᠠᠢ ᠠᠷᠭ᠎ᠠ ᠬᠡᠮᠵᠢᠶ᠎ᠡ ᠠᠪᠬᠤ᠃        ︵ᠳᠣᠯᠤᠭ᠎ᠠ︶ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠵᠤ ᠬᠠᠨᠳᠢᠪᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃        ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠡᠳ᠋ ᠪᠣᠳᠠᠰ ᠢ ᠵᠠᠮ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠤᠨ ᠡᠩ ᠲᠡᠷᠢᠭᠦᠨ ᠳᠤ ᠲᠡᠭᠡᠭᠡᠪᠦᠷᠢᠯᠡᠬᠦ ᠬᠡᠷᠡᠭᠲᠡᠢ᠃        ᠠᠷᠪᠠ ᠶᠢᠰᠦᠳᠦᠭᠡᠷ ᠵᠤᠷᠪᠤᠰ᠂ ᠪᠠᠶᠢᠭᠠᠯᠢ ᠶᠢᠨ ᠭᠠᠶ ᠭᠠᠮᠰᠢᠭ ᠤᠨ ᠠᠶᠤᠯ ᠲᠦᠭᠰᠢᠭᠦᠷᠢ ᠶᠢ ᠠᠷᠢᠯᠭᠠᠭᠰᠠᠨ ᠤ ᠲᠠᠷᠠᠭ᠎ᠠ᠂ ᠭᠠᠮᠰᠢᠭᠳᠠᠭᠰᠠᠨ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠰᠠᠭᠤᠭᠠᠯᠢ ᠠᠷᠠᠳ ᠤᠨ ᠣᠷᠣᠨ ᠰᠠᠭᠤᠴᠠ ᠶᠢ ᠰᠡᠷᠭᠦᠭᠡᠨ ᠲᠠᠬᠢᠨ ᠪᠠᠶᠢᠭᠤᠯᠬᠤ ᠲᠥᠯᠥᠪᠵᠢᠭᠦᠯᠭᠡ ᠪᠠ ᠬᠠᠷᠠᠭᠠᠯᠵᠠᠯᠳᠤ ᠲᠦᠷᠦ ᠶᠢᠨ ᠪᠤᠳᠤᠯᠭ᠎ᠠ ᠶᠢ ᠨᠢᠭᠡᠳᠦᠯᠲᠡᠶ ᠲᠥᠯᠥᠪᠯᠡᠨ ᠰᠤᠳᠤᠯᠤᠨ ᠲᠣᠭᠲᠠᠭᠠᠵᠤ᠂ ᠭᠠᠮᠰᠢᠭ ᠠᠴᠠ ᠪᠤᠯᠵᠤ ᠡᠪᠳᠡᠷᠡᠵᠦ ᠰᠦᠢᠳᠦᠭᠰᠡᠨ ᠰᠠᠭᠤᠭᠠᠯᠢ ᠠᠷᠠᠳ ᠤᠨ ᠣᠷᠣᠨ ᠰᠠᠭᠤᠴᠠ ᠶᠢ ᠲᠠᠬᠢᠨ ᠪᠠᠶᠢᠭᠤᠯᠬᠤ ᠪᠤᠶᠤ ᠰᠡᠯᠪᠢᠨ ᠵᠠᠰᠠᠬᠤ ᠶᠢ ᠵᠣᠬᠢᠶᠠᠨ ᠪᠠᠶᠢᠭᠤᠯᠵᠤ᠂ ᠰᠡᠷᠭᠦᠭᠡᠨ ᠲᠠᠬᠢᠨ ᠪᠠᠶᠢᠭᠤᠯᠬᠤ ᠳᠤ ᠦᠨᠡᠨ ᠬᠦ ᠬᠦᠴᠢᠷᠳᠡᠯ ᠲᠠᠢ ᠭᠡᠷ ᠪᠦᠯᠢ ᠶᠢ ᠭᠤᠣᠯᠳᠠᠯᠭ᠎ᠠ ᠲᠠᠢ ᠪᠠᠷ ᠬᠠᠪᠰᠤᠷᠤᠨ ᠲᠡᠳᠬᠦᠬᠦ ᠬᠡᠷᠡᠭᠲᠡᠶ᠃ ᠰᠠᠭᠤᠭᠠᠯᠢ ᠠᠷᠠᠳ ᠤᠨ ᠣᠷᠣᠨ ᠰᠠᠭᠤᠴᠠ ᠶᠢ ᠰᠡᠷᠭᠦᠭᠡᠨ ᠲᠠᠬᠢᠨ ᠪᠦᠳᠦᠭᠡᠨ ᠪᠠᠶᠢᠭᠤᠯᠬᠤ ᠳᠤ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠬᠢᠮᠳᠠ ᠪᠥᠭᠡᠳ ᠬᠡᠷᠡᠭᠴᠡᠭᠡ ᠲᠠᠢ ᠪᠠᠶᠢᠵᠤ᠂ ᠭᠡᠷ ᠪᠠᠶᠢᠰᠢᠩ ᠤᠨ ᠪᠦᠳᠦᠭᠡᠨ ᠪᠠᠶᠢᠭᠤᠯᠤᠯᠲᠠ ᠶᠢᠨ ᠶᠠᠰᠤ ᠴᠢᠨᠠᠷ ᠨᠢ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠱᠠᠭᠠᠷᠳᠠᠯᠭ᠎ᠠ ᠳᠤ ᠨᠡᠶᠢᠴᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠭᠠᠮᠰᠢᠭᠳᠠᠭᠰᠠᠨ ᠣᠷᠣᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠵᠡᠷᠭᠡ ᠰᠠᠯᠠᠭ᠎ᠠ ᠮᠥᠴᠢᠷ ᠬᠢᠨᠠᠨ ᠬᠠᠷᠭᠤᠭᠤᠯᠵᠤ ᠨᠤᠲᠠᠯᠠᠭᠰᠠᠨ ᠰᠠᠭᠤᠭᠠᠯᠢ ᠠᠷᠠᠳ ᠤᠨ ᠣᠷᠣᠨ ᠰᠠᠭᠤᠴᠠ ᠶᠢ ᠰᠡᠷᠭᠦᠭᠡᠨ ᠲᠠᠬᠢᠨ ᠪᠠᠶᠢᠭᠤᠯᠬᠤ ᠨᠥᠬᠦᠪᠥᠷᠢ ᠣᠯᠭᠤᠬᠤ ᠡᠲᠡᠭᠡᠳ ᠲᠤ ᠨᠥᠬᠦᠪᠥᠷᠢ ᠪᠡᠯᠡ ᠮᠥᠩᠭᠦ ᠪᠠ ᠡᠳ᠋ ᠪᠣᠳᠠᠰ ᠣᠯᠭᠤᠬᠤ ᠬᠡᠷᠡᠭᠲᠡᠶ᠂ ᠣᠷᠣᠨ ᠰᠠᠭᠤᠴᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠭᠠᠮᠰᠢᠭᠳᠠᠭᠰᠠᠨ ᠬᠥᠮᠦᠰ ᠤᠨ ᠭᠠᠮᠰᠢᠭ ᠠᠴᠠ ᠪᠤᠯᠵᠤ ᠡᠪᠳᠡᠷᠡᠵᠦ ᠰᠦᠢᠳᠦᠭᠰᠡᠨ ᠰᠠᠭᠤᠭᠠᠯᠢ ᠠᠷᠠᠳ ᠤᠨ ᠣᠷᠣᠨ ᠰᠠᠭᠤᠴᠠ ᠶᠢ ᠲᠠᠬᠢᠨ ᠪᠠᠶᠢᠭᠤᠯᠬᠤ ᠪᠤᠶᠤ ᠰᠡᠯᠪᠢᠨ ᠵᠠᠰᠠᠬᠤ ᠳᠤ ᠴᠢᠬᠤᠯᠠ ᠪᠦᠬᠦᠢ ᠮᠡᠷᠭᠡᠵᠢᠯ ᠤᠨ ᠳᠡᠮᠵᠢᠯᠭᠡ ᠬᠠᠩᠭᠠᠬᠤ ᠬᠡᠷᠡᠭᠲᠡᠶ᠃        ᠬᠤᠷᠢᠨ ᠬᠤᠶᠠᠳᠤᠭᠠᠷ ᠵᠤᠷᠪᠤᠰ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠡᠯᠡ ᠮᠥᠩᠭᠦ ᠶᠢ ᠬᠤᠪᠢᠶᠠᠷᠢᠯᠠᠬᠤ᠂ ᠬᠠᠮᠢᠶᠠᠷᠬᠤ ᠪᠠ ᠬᠡᠷᠡᠭᠯᠡᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠡᠳ᠋ ᠪᠣᠳᠠᠰ ᠢ ᠲᠣᠬᠢᠷᠠᠭᠤᠯᠤᠨ ᠦᠭᠬᠦ᠂ ᠬᠤᠪᠢᠶᠠᠷᠢᠯᠠᠬᠤ᠂ ᠬᠠᠮᠢᠶᠠᠷᠬᠤ ᠶᠢ ᠬᠠᠷᠢᠭᠤᠴᠠᠨ᠎ᠠ᠃ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 48 — 50 ᠳ᠋ᠤᠭᠠᠷ ᠴᠣᠩᠬᠤ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠨ᠎ᠠ᠃ 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ  ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ ᠨᠡᠶᠢᠲᠡᠯᠡᠪᠡ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄
 
ᠢᠷᠡᠯᠲᠡ᠄ ᠠᠷᠤ ᠬᠣᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号