ᠬᠦᠯᠢᠶᠡᠨ ᠰᠢᠢᠳᠪᠦᠷᠢᠯᠡᠬᠦ ᠨᠥᠬᠦᠴᠡᠯ | ᠪᠠᠶᠢᠬᠤ ᠦᠭᠡᠢ᠃ | | ᠲᠣᠭᠲᠠᠭᠠᠭᠰᠠᠨ ᠦᠨᠳᠦᠰᠦᠯᠡᠯ | 【 ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ】 ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠭᠡᠷ᠎ᠡ ᠶᠢᠨ ᠬᠡᠯᠪᠡᠷᠢᠵᠢᠭᠰᠡᠨ ᠵᠦᠢᠯ ᠵᠤᠷᠪᠤᠰ ᠲᠤ ᠬᠢᠨᠠᠯᠲᠠ ᠲᠠᠯᠪᠢᠬᠤ ᠲᠦᠷᠢᠮ︾ ︵2006 | ᠣᠨ ᠤ 7 ᠳ᠋ᠤᠭᠠᠷ ᠰᠠᠷ᠎ᠠ ᠶᠢᠨ 28 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ | ᠭᠤᠷᠪᠠᠳᠤᠭᠠᠷ ᠬᠤᠷᠠᠯᠳᠤᠭᠠᠨ ᠠᠴᠠ ᠪᠠᠲᠤᠯᠠᠨ᠂ 2006 ᠣᠨ ᠤ 7 ᠳ᠋ᠤᠭᠠᠷ ᠰᠠᠷ᠎ᠠ ᠶᠢᠨ 28 ᠤ ᠡᠳᠦᠷ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠠᠯᠪᠠᠨ ᠵᠠᠷᠯᠠᠯ ᠤᠨ 39 ᠳ᠋ᠦ᠋ᠭᠡᠷ ᠲᠣᠭᠠᠲᠤ ᠪᠠᠷ ᠨᠡᠶᠢᠲᠡᠯᠡᠵᠦ᠂ 2006 ᠣᠨ ᠤ 10 | ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠭᠰᠡᠨ︶ | ᠠᠷᠪᠠᠨ ᠬᠤᠶᠠᠳᠤᠭᠠᠷ ᠵᠤᠷᠪᠤᠰ᠂ ᠳᠣᠣᠷ᠎ᠠ ᠵᠢᠭᠰᠠᠭᠠᠭᠰᠠᠨ ᠭᠡᠷ᠎ᠡ ᠳᠤ ᠬᠡᠯᠪᠡᠷᠢᠵᠢᠭᠰᠡᠨ ᠵᠦᠢᠯ ᠵᠤᠷᠪᠤᠰ ᠢ | ᠬᠡᠷᠡᠭᠯᠡᠭᠰᠡᠨ ᠪᠣᠯ᠂ ᠭᠡᠷ᠎ᠡ ᠬᠠᠩᠭᠠᠬᠤ ᠲᠠᠯ᠎ᠠ ᠨᠢ ᠲᠤᠰ ᠬᠡᠯᠪᠡᠷᠢᠵᠢᠭᠰᠡᠨ ᠵᠦᠢᠯ ᠵᠤᠷᠪᠤᠰ ᠢ ᠡᠬᠢᠯᠡᠵᠦ ᠬᠡᠷᠡᠭᠯᠡᠭᠰᠡᠨ | ᠡᠳᠦᠷ ᠠᠴᠠ ᠡᠬᠢᠯᠡᠨ ᠭᠤᠴᠢᠨ ᠡᠳᠦᠷ ᠤᠨ ᠳᠣᠲᠣᠷ᠎ᠠ ᠬᠡᠯᠪᠡᠷᠢᠵᠢᠭᠰᠡᠨ ᠵᠦᠢᠯ ᠵᠤᠷᠪᠤᠰ ᠤᠨ ᠲᠣᠪᠬᠢᠮᠠᠯ ᠢ ᠲᠡᠭᠦᠨ ᠤ | ᠡᠵᠡᠩᠨᠡᠯᠲᠡ ᠶᠢᠨ ᠦᠨᠡᠮᠯᠡᠯ ᠢ ᠬᠢᠨᠠᠨ ᠣᠯᠭᠤᠭᠰᠠᠨ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠄ ︵ᠨᠢᠭᠡ︶ ᠭᠡᠷ ᠪᠠᠶᠢᠰᠢᠩ ᠢ | ᠮᠠᠶᠢᠮᠠᠶᠢᠯᠠᠬᠤ᠂ ᠲᠦᠷᠢᠶᠡᠰᠦᠯᠡᠭᠦᠯᠬᠦ᠂ ᠨᠤᠷᠠᠭᠠᠵᠤ ᠨᠡᠭᠦᠯᠭᠡᠬᠦ ᠵᠢᠴᠢ ᠵᠠᠭᠤᠴᠢᠯᠠᠬᠤ᠂ ᠨᠠᠶᠢᠳᠠᠯᠭ᠎ᠠ ᠶᠢᠨ ᠭᠡᠷ᠎ᠡ︔ ︵ | ᠬᠤᠶᠠᠷ︶ ᠠᠳᠠᠯ ᠠᠬᠤᠶ ᠶᠢᠨ ᠬᠠᠮᠢᠶᠠᠷᠤᠯᠲᠠ ᠶᠢᠨ ᠭᠡᠷ᠎ᠡ︔ ︵ᠭᠤᠷᠪᠠ︶ ᠣᠷᠣᠨ ᠰᠠᠭᠤᠴᠠ ᠪᠠᠨ ᠵᠠᠰᠠᠵᠤ | ᠴᠢᠮᠡᠭᠯᠡᠬᠦ ᠭᠡᠷ᠎ᠡ︔ ︵ᠳᠦᠷᠪᠡ︶ ᠮᠠᠰᠢᠨ ᠲᠡᠷᠭᠡ ᠮᠠᠶᠢᠮᠠᠶᠢᠯᠠᠬᠤ ᠭᠡᠷ᠎ᠡ︔ ︵ᠲᠠᠪᠤ︶ ᠵᠢᠭᠤᠯᠴᠢᠯᠠᠯ ᠤᠨ ᠭᠡᠷ᠎ᠡ︔ ︵ | ᠵᠢᠷᠭᠤᠭ᠎ᠠ︶ ᠲᠡᠭᠡᠭᠡᠪᠦᠷᠢ ᠶᠢᠨ ᠭᠡᠷ᠎ᠡ︔ ︵ᠲᠤᠯᠤᠭ᠎ᠠ︶ ᠴᠠᠬᠢᠯᠭᠠᠨ᠂ ᠤᠰᠤ᠂ ᠢᠯᠴᠢ᠂ ᠭᠡᠢ ᠬᠠᠩᠭᠠᠬᠤ ᠪᠠ | ᠬᠡᠷᠡᠭᠯᠡᠬᠦ ᠭᠡᠷ᠎ᠡ︔ ︵ᠨᠠᠢᠮᠠ︶ ᠤᠲᠠᠰᠤᠲᠤ ᠲᠧᠯᠸᠢᠰ᠂ ᠰᠢᠦᠳᠠᠨ᠂ ᠴᠠᠬᠢᠯᠭᠠᠨ ᠬᠤᠯᠪᠣᠭᠠᠨ ᠤ ᠭᠡᠷ᠎ᠡ︔ ︵ᠶᠢᠰᠦ︶ | ᠬᠤᠪᠢ ᠬᠥᠮᠦᠨ ᠤ ᠬᠡᠷᠡᠭᠯᠡᠭᠡᠨ ᠤ ᠵᠢᠭᠡᠯᠡᠯᠭᠡ ᠶᠢᠨ ᠭᠡᠷ᠎ᠡ︔ ︵ᠠᠷᠪᠠ︶ ᠬᠥᠮᠦᠨ ᠤ ᠪᠡᠶ᠎ᠡ ᠶᠢᠨ ᠪᠠ ᠡᠳ᠋ | ᠬᠦᠷᠦᠩᠭᠡ ᠶᠢᠨ ᠳᠠᠭᠠᠳᠬᠠᠯ ᠤᠨ ᠭᠡᠷ᠎ᠡ︔ ︵ᠠᠷᠪᠠᠨ ᠨᠢᠭᠡ︶ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠠᠴᠠ ᠳᠠᠩᠰᠠᠯᠠᠭᠤᠯᠬᠤ ᠬᠡᠷᠡᠭᠲᠡᠶ ᠭᠡᠵᠦ ᠲᠣᠭᠲᠠᠭᠠᠭᠰᠠᠨ ᠬᠡᠯᠪᠡᠷᠢᠵᠢᠭᠰᠡᠨ ᠵᠦᠢᠯ ᠵᠤᠷᠪᠤᠰ ᠲᠠᠢ | ᠪᠤᠰᠤᠳ ᠭᠡᠷ᠎ᠡ᠃ ᠭᠡᠷ᠎ᠡ ᠬᠠᠩᠭᠠᠬᠤ ᠲᠠᠯ᠎ᠠ ᠶᠢᠨ ᠬᠡᠷᠡᠭᠯᠡᠬᠦ ᠬᠡᠯᠪᠡᠷᠢᠵᠢᠭᠰᠡᠨ ᠵᠦᠢᠯ ᠵᠤᠷᠪᠤᠰ ᠢ ᠲᠡᠭᠦᠨ ᠤ ᠳᠡᠭᠡᠳᠦ | ᠱᠠᠲᠤᠨ ᠤ ᠪᠠᠶᠢᠭᠤᠯᠤᠮᠵᠢ ᠪᠤᠶᠤ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ | ᠠᠵᠢᠯ ᠲᠦᠷᠦᠯ ᠤᠨ ᠵᠣᠬᠢᠶᠠᠨ ᠪᠠᠶᠢᠭᠤᠯᠤᠯᠲᠠ ᠠᠴᠠ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠤᠭᠰᠠᠨ ᠪᠣᠯ᠂ ᠲᠡᠬᠢᠵᠦ ᠳᠠᠩᠰᠠᠯᠠᠭᠤᠯᠬᠤ | ᠤᠢᠭᠡᠢ ᠪᠠᠶᠢᠵᠤ ᠪᠣᠯᠤᠨ᠎ᠠ᠃ ᠨᠢᠭᠡᠨᠲᠡ ᠳᠠᠩᠰᠠᠯᠠᠭᠤᠯᠤᠭᠰᠠᠨ ᠬᠡᠯᠪᠡᠷᠢᠵᠢᠭᠰᠡᠨ ᠵᠦᠢᠯ ᠵᠤᠷᠪᠤᠰ ᠤᠨ ᠠᠭᠤᠯᠭ᠎ᠠ ᠶᠢ | ᠬᠤᠪᠢᠷᠠᠭᠤᠯᠤᠭᠰᠠᠨ ᠪᠣᠯ᠂ ᠭᠡᠷ᠎ᠡ ᠬᠠᠩᠭᠠᠭᠰᠠᠨ ᠲᠠᠯ᠎ᠠ ᠨᠢ ᠬᠤᠪᠢᠷᠠᠭᠤᠯᠤᠭᠰᠠᠨ ᠤ ᠳᠠᠷᠠᠭᠠᠬᠢ ᠬᠡᠯᠪᠡᠷᠢᠵᠢᠭᠰᠡᠨ ᠵᠦᠢᠯ | ᠵᠤᠷᠪᠤᠰ ᠤᠨ ᠲᠣᠪᠬᠢᠮᠠᠯ ᠢ ᠲᠡᠬᠢᠵᠦ ᠳᠠᠩᠰᠠᠯᠠᠭᠤᠯᠬᠤ ᠬᠡᠷᠡᠭᠲᠡᠶ᠃ | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ | | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ | ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 20 — | 22 ᠳ᠋ᠤᠭᠠᠷ ᠴᠣᠩᠬᠤ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ | ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃ | | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ | ᠨᠡᠶᠢᠲᠡᠯᠡᠪᠡ᠃ | | ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ |