ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠣᠨ ᠤ ᠮᠡᠳᠡᠭᠦᠯᠦᠯᠲᠡ
ᠨᠡᠶᠢᠲᠡᠯᠡᠭᠰᠡᠨ ᠴᠠᠭ᠄
2021/11/8
ᠬᠦᠯᠢᠶᠡᠨ ᠰᠢᠢᠳᠪᠦᠷᠢᠯᠡᠬᠦ ᠨᠥᠬᠦᠴᠡᠯ        ᠪᠠᠶᠢᠬᠤ ᠦᠭᠡᠢ᠃ᠲᠣᠭᠲᠠᠭᠠᠭᠰᠠᠨ ᠦᠨᠳᠦᠰᠦᠯᠡᠯ       【ᠰᠠᠯᠠᠭ᠎ᠠ ᠮᠥᠴᠢᠷ ᠤᠨ ᠳᠦᠷᠢᠮ ᠲᠣᠭᠲᠠᠭᠠᠯ】 ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠣᠨ ᠤ ᠮᠡᠳᠡᠭᠦᠯᠦᠯᠲᠡ ᠶᠢᠨ ᠲᠦᠷ ᠬᠡᠷᠡᠭᠵᠢᠭᠦᠯᠬᠦ ᠠᠷᠭ᠎ᠠ︾ ︵2014 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠭᠰᠡᠨ︶        ᠭᠤᠷᠪᠠᠳᠤᠭᠠᠷ ᠵᠤᠷᠪᠤᠰ᠂ ᠬᠤᠪᠢ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠡᠷᠦᠬᠡ ᠨᠢ ᠵᠢᠯ ᠪᠦᠷᠢ ᠶᠢᠨ 1 ᠳ᠋ᠦ᠋ᠭᠡᠷ ᠰᠠᠷ᠎ᠠ ᠶᠢᠨ 1 ᠤ ᠡᠳᠦᠷ ᠠᠴᠠ 6 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ᠂ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠢᠶᠠᠷ ᠳᠠᠮᠵᠢᠬᠤ ᠪᠤᠶᠤ ᠲᠡᠭᠦᠨ ᠤ ᠳᠠᠩᠰᠠᠯᠠᠭᠤᠯᠬᠤ ᠶᠢ ᠬᠠᠷᠢᠭᠤᠴᠠᠵᠤ ᠪᠠᠶᠢᠭ᠎ᠠ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠡᠭᠡᠷ᠎ᠡ ᠨᠢᠭᠡ ᠵᠢᠯ ᠤᠨ ᠣᠨ ᠤ ᠮᠡᠳᠡᠭᠦᠯᠦᠯᠲᠡ ᠪᠠᠨ ᠰᠢᠭᠤᠳ ᠮᠡᠳᠡᠭᠦᠯᠦᠨ ᠬᠦᠷᠭᠡᠬᠦ ᠬᠡᠷᠡᠭᠲᠡᠶ᠃ ᠲᠤᠬᠠᠶ ᠶᠢᠨ ᠵᠢᠯ ᠳᠤ ᠠᠵᠢᠯ ᠡᠬᠢᠯᠡᠭᠦᠯᠬᠦ ᠪᠠᠷ ᠳᠠᠩᠰᠠᠯᠠᠭᠤᠯᠤᠭᠰᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠨᠢ ᠲᠡᠷᠠᠭ᠎ᠠ ᠵᠢᠯ ᠠᠴᠠ ᠨᠢ ᠡᠬᠢᠯᠡᠵᠦ ᠮᠡᠳᠡᠭᠦᠯᠦᠨ ᠬᠦᠷᠭᠡᠨ᠎ᠡ᠃        ᠳᠥᠷᠪᠡᠳᠦᠭᠡᠷ ᠵᠤᠷᠪᠤᠰ᠂ ᠰᠢᠶᠠᠨ᠂ ᠥᠪᠡᠷᠲᠡᠭᠡᠨ ᠵᠠᠰᠠᠬᠤ ᠰᠢᠶᠠᠨ᠂ ᠲᠣᠭᠤᠷᠢᠭ ᠪᠠᠶᠢᠭᠤᠯᠤᠭᠰᠠᠨ ᠦᠭᠡᠢ ᠬᠤᠳᠠ᠂ ᠬᠤᠳᠠ ᠶᠢᠨ ᠬᠠᠷᠢᠶ᠎ᠠ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠡᠭᠦᠨ ᠳᠤ ᠳᠠᠩᠰᠠᠯᠠᠭᠤᠯᠤᠭᠰᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠣᠨ ᠤ ᠮᠡᠳᠡᠭᠦᠯᠦᠯᠲᠡ ᠶᠢᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃ ᠰᠢᠶᠠᠨ᠂ ᠥᠪᠡᠷᠲᠡᠭᠡᠨ ᠵᠠᠰᠠᠬᠤ ᠰᠢᠶᠠᠨ᠂ ᠲᠣᠭᠤᠷᠢᠭ ᠪᠠᠶᠢᠭᠤᠯᠤᠭᠰᠠᠨ ᠦᠭᠡᠢ ᠬᠤᠳᠠ᠂ ᠬᠤᠳᠠ ᠶᠢᠨ ᠬᠠᠷᠢᠶ᠎ᠠ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠡᠵᠡᠩᠨᠡᠯᠲᠡ ᠶᠢᠨ ᠲᠠᠯᠠᠪᠤᠷ ᠤᠨ ᠪᠠᠶᠢᠭ᠎ᠠ ᠭᠠᠵᠠᠷ ᠤᠨ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠭᠠᠵᠠᠷ ᠲᠤ ᠨᠠᠶᠢᠳᠠᠵᠤ ᠳᠠᠩᠰᠠᠯᠠᠭᠤᠯᠤᠭᠰᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠣᠨ ᠤ ᠮᠡᠳᠡᠭᠦᠯᠦᠯᠲᠡ ᠶᠢᠨ ᠬᠤᠯᠪᠣᠭᠳᠠᠯ ᠪᠦᠬᠦᠢ ᠠᠵᠢᠯ ᠢ ᠥᠷᠨᠢᠭᠦᠯᠵᠦ ᠪᠣᠯᠤᠨ᠎ᠠ᠃ ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 20 — 22 ᠳ᠋ᠤᠭᠠᠷ ᠴᠣᠩᠬᠤ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠨ᠎ᠠ᠃ 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ  ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ ᠨᠡᠶᠢᠲᠡᠯᠡᠪᠡ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号