ᠠᠷᠤ ᠬᠤᠷᠴᠢᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠬᠤᠲᠠ ᠶᠢᠨ ᠣᠷᠴᠢᠨ | ᠲᠣᠭᠤᠷᠢᠨ ᠤ ᠲᠤᠰᠬᠠᠶ ᠵᠠᠰᠠᠯᠲᠠ ᠶᠢ ᠦᠷᠭᠦᠯᠵᠢᠯᠡᠨ ᠥᠷᠨᠢᠭᠦᠯᠪᠡ᠃ ᠨᠢᠭᠡ ᠳᠤ᠂ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ︽ᠥᠨᠴᠥᠭ ᠪᠤᠯᠤᠩ ᠦᠭᠡᠢ︾ ᠰᠠᠶᠢᠲᠤᠷ ᠠᠣᠡᠬᠤᠪᠡ᠃ ᠵᠡᠭᠡᠯᠢ | ᠳᠠᠭᠠᠤ ᠶᠢᠨ ᠬᠤᠪᠢ ᠶᠢᠨ ᠡᠵᠡᠩᠨᠡᠯᠲᠡ ᠶᠢᠨ ᠡᠷᠦᠬᠡ᠂ ᠵᠢᠵᠢᠭ ᠲᠣᠭᠤᠷᠢᠭ ᠤᠨ ᠰᠠᠭᠤᠭᠠᠯᠢ ᠠᠷᠠᠳ ᠢ ᠵᠢᠷᠤᠮᠵᠢᠭᠤᠯᠤᠨ | ᠬᠥᠲᠥᠯᠦᠨ ᠵᠢᠯᠣᠭᠤᠳᠴᠤ ᠪᠠᠶᠢᠭᠠᠳ ᠰᠠᠶᠢᠨ ᠰᠠᠶᠢᠬᠠᠨ ᠣᠷᠣᠰᠢᠨ ᠰᠠᠭᠤᠬᠤ ᠣᠷᠴᠢᠨ ᠲᠣᠭᠤᠷᠢᠨ ᠢ ᠬᠠᠮᠲᠤᠪᠠᠷ ᠪᠣᠶ | ᠪᠣᠯᠭᠠᠨ᠂ ᠬᠤᠲᠠ ᠶᠢᠨ ᠲᠣᠭᠤᠷᠢᠭ ᠲᠤ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ᠂ | ᠳᠤᠷ᠎ᠠ ᠪᠠᠷ ᠢᠶᠠᠨ ᠳᠡᠯᠭᠡᠭᠡ ᠮᠠᠶᠢᠮᠠᠶ ᠭᠠᠷᠭᠠᠬᠤ᠂ ᠳᠤᠷ᠎ᠠ ᠪᠠᠷ ᠢᠶᠠᠨ ᠲᠠᠲᠠᠵᠤ ᠳᠤᠷ᠎ᠠ ᠪᠠᠷ ᠢᠶᠠᠨ ᠡᠯᠭᠦᠬᠦ ᠵᠡᠷᠭᠡ | ᠠᠰᠠᠭᠤᠳᠠᠯ ᠢ ᠬᠦᠴᠦᠯᠡᠨ ᠰᠢᠢᠣᠡᠪᠣᠷᠢᠯᠡᠵᠤ᠂ ᠬᠠᠷᠢᠶ᠎ᠡ ᠲᠣᠭᠤᠷᠢᠭ ᠤᠨ ᠣᠷᠴᠢᠨ ᠲᠣᠭᠤᠷᠢᠨ ᠢ ᠪᠥᠬᠦ | ᠬᠦᠴᠦᠨ ᠢᠶᠠᠷ ᠢᠶᠠᠨ ᠬᠠᠮᠠᠭᠠᠯᠠᠪᠡ᠃ ᠬᠤᠶᠠᠷ ᠲᠤ ︽ᠪᠠᠶᠢᠩᠭᠤᠵᠢᠭᠤᠯᠵᠤ︾ ᠪᠠᠶᠢᠭᠠᠳ ᠬᠤᠲᠠ ᠶᠢᠨ ᠳᠦᠷᠰᠦ | ᠪᠠᠶᠢᠳᠠᠯ ᠤᠨ ᠡᠮᠬᠢ ᠳᠢᠭᠯᠢᠮ ᠢ ᠴᠡᠭᠴᠡᠯᠡᠨ ᠵᠠᠰᠠᠬᠤ ᠶᠢ ᠰᠠᠶᠢᠲᠤᠷ ᠠᠣᠡᠬᠤᠪᠡ᠃ ᠲᠣᠭᠤᠷᠢᠨ ᠪᠠᠶᠢᠴᠠᠭᠠᠵᠤ ᠴᠡᠭᠴᠡᠯᠡᠨ | ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠭᠤᠤᠯ ᠪᠠ ᠳᠡᠳ᠋ ᠵᠠᠮ ᠱᠤᠭᠤᠮ᠂ ᠰᠤᠷᠭᠠᠭᠤᠯᠢ ᠶᠢᠨ | ᠡᠷᠬᠢᠨ ᠲᠣᠭᠤᠷᠢᠨ᠂ ᠣᠷᠣᠨ ᠰᠠᠭᠤᠴᠠ ᠶᠢᠨ ᠵᠢᠵᠢᠭ ᠲᠣᠭᠤᠷᠢᠭ᠂ ᠵᠡᠭᠡᠯᠢ ᠭᠤᠳᠤᠮᠵᠢ ᠵᠡᠷᠭᠡ ᠣᠷᠣᠨ ᠪᠦᠰᠡ ᠳᠤ | ᠵᠠᠮ ᠡᠵᠡᠯᠡᠬᠦ᠂ ᠳᠡᠯᠭᠡᠭᠦᠷ ᠠᠴᠠ ᠭᠠᠷᠴᠤ ᠡᠵᠡᠩᠨᠡᠬᠦ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ | ᠵᠣᠡᠡᠰᠣᠭᠠᠵᠣ᠂ ᠢᠯᠠᠩᠭᠤᠶ᠎ᠠ ᠲᠠᠸᠠᠷ ᠤᠨ ᠲᠡᠷᠭᠡ ᠣᠯᠠᠨ ᠨᠡᠶᠢᠲᠡ ᠶᠢᠨ ᠲᠡᠷᠭᠡ ᠵᠣᠭᠰᠣᠬᠤ ᠪᠠᠶᠢᠷᠢ ᠶᠢ ᠣᠷᠳᠣ | ᠬᠤᠭᠤᠴᠠᠭ᠎ᠠ ᠪᠠᠷ ᠡᠵᠡᠯᠡᠨ ᠬᠡᠷᠡᠭᠯᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ ᠭᠤᠷᠪᠠ ᠳᠤ᠂ ︽ | ᠡᠷᠬᠢᠨ ᠪᠠᠶᠢᠴᠠᠭᠠᠬᠤ︾ ᠳᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠪᠠ᠃ ᠣᠯᠠᠨ | ᠨᠡᠶᠢᠲᠡ ᠶᠢᠨ ᠰᠤᠯᠠ ᠭᠠᠵᠠᠷ ᠪᠠ ᠵᠡᠭᠡᠯᠢ ᠭᠤᠳᠤᠮᠵᠢ ᠶᠢ ᠲᠣᠤᠷᠵᠢᠭᠤᠯᠤᠨ ᠲᠠᠷᠡᠭᠠᠯᠠᠨ ᠪᠠᠶᠢᠴᠠᠭᠠᠵᠤ᠂ ᠡᠷᠡᠭᠦᠯ | ᠬᠠᠮᠠᠭᠠᠯᠠᠯ ᠤᠨ ᠥᠯᠥ ᠣᠨᠣᠭᠳᠠᠬᠤ ᠭᠠᠵᠠᠷ ᠢ ᠲᠦᠢᠯᠪᠤᠷᠢᠲᠠᠶ ᠤᠰᠠᠳᠬᠠᠵᠤ᠂ ᠬᠤᠲᠠ ᠶᠢᠨ ᠣᠷᠴᠢᠨ ᠲᠣᠭᠤᠷᠢᠨ ᠢ | ᠶᠡᠷᠦᠩᠬᠡᠶᠢᠯᠡᠨ ᠴᠡᠭᠴᠡᠯᠡᠨ ᠵᠠᠰᠠᠬᠤ ᠶᠢ ᠣᠷᠳᠣ ᠬᠤᠭᠤᠴᠠᠭᠠᠨ ᠤ ᠪᠦᠲᠦᠮᠵᠢᠲᠡᠶ᠂ ᠵᠢᠷᠤᠮᠵᠢᠭᠰᠠᠨ ᠵᠠᠮ ᠳᠤ | ᠣᠷᠣᠭᠤᠯᠬᠤ ᠶᠢ ᠲᠠᠰᠤᠷᠠᠯᠲᠠ ᠥᠬᠡᠶ ᠠᠬᠢᠭᠤᠯᠵᠤ᠂ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠨ | ᠳᠡᠭᠡᠭᠰᠢᠯᠡᠭᠦᠯᠪᠡ᠃ ᠲᠣᠰ ᠤᠳᠠᠭᠠᠨ ᠤ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠳᠤ᠂ ᠬᠠᠤᠯᠢ | ᠬᠡᠷᠡᠭᠵᠢᠭᠦᠯᠬᠦ ᠲᠡᠷᠭᠡ ᠬᠥᠰᠬᠡ 6᠂ ᠬᠠᠤᠯᠢ ᠬᠡᠷᠡᠭᠵᠢᠭᠦᠯᠬᠦ ᠠᠵᠢᠯᠲᠠᠨ ᠢ 30 ᠭᠠᠷᠤᠶ ᠬᠥᠮᠦᠨ ᠤᠳᠠᠭ᠎ᠠ | ᠬᠥᠳᠡᠯᠭᠡᠵᠦ᠂ ᠲᠣᠭᠲᠠᠭᠠᠯ ᠠᠴᠠ ᠵᠥᠷᠢᠴᠡᠭᠰᠡᠨ ᠡᠭᠦᠳᠡᠨ ᠵᠠᠷ ᠢ ᠨᠡᠶᠢᠲᠡ 30 ᠭᠠᠷᠤᠶ ᠴᠡᠪᠡᠷᠯᠡᠵᠦ᠂ | ᠲᠣᠭᠲᠠᠭᠠᠯ ᠠᠴᠠ ᠵᠥᠷᠢᠴᠡᠨ ᠳᠡᠯᠭᠡᠭᠦᠷ ᠤᠨ ᠭᠠᠳᠠᠨ᠎ᠠ ᠲᠠᠯᠪᠢᠭᠰᠠᠨ ᠡᠳ᠋ ᠪᠣᠳᠠᠰ ᠢ 70 ᠭᠠᠷᠤᠶ ᠴᠡᠪᠡᠷᠯᠡᠵᠦ᠂ | ᠡᠷᠡᠭᠦᠯ ᠬᠠᠮᠠᠭᠠᠯᠠᠯ ᠤᠨ ᠥᠯᠥ ᠣᠨᠣᠭᠳᠠᠬᠤ ᠭᠠᠵᠠᠷ ᠢ 100 ᠭᠠᠷᠤᠶ ᠴᠡᠭᠴᠡᠯᠡᠨ ᠵᠠᠰᠠᠪᠠ᠃ |