ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠫᠠᠨ ᠵᠢᠶᠠ ᠸᠠᠨ ᠲᠣᠰᠬᠤᠨ᠄ ᠲᠦᠬᠦᠭᠡᠷᠦᠮᠵᠢᠲᠦ ᠲᠠᠷᠢᠶᠠᠯᠠᠩ  ᠤᠨ ᠬᠥᠭᠵᠢᠯᠲᠡ ᠶᠢᠨ ᠬᠤᠷᠳᠤᠴᠠ ᠶᠢ ᠲᠦᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2021/12/1
       ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠫᠠᠨ ᠵᠢᠶᠠ ᠸᠠᠨ ᠲᠣᠰᠬᠤᠨ᠄ ᠲᠦᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠶᠢᠨ ᠬᠤᠷᠳᠤᠴᠠ ᠶᠢ ᠲᠦᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃ ᠨᠢᠭᠡ ᠳᠤ᠂ ᠬᠠᠷᠠᠭ᠎ᠠ ᠪᠠᠨ ᠥᠷᠭᠡᠳᠬᠡᠵᠦ ᠲᠤᠷᠰᠢᠯᠭ᠎ᠠ ᠰᠢᠩᠭᠡᠭᠡᠨ  ᠠᠪᠤᠪᠠ᠃ ᠲᠡᠷᠢᠭᠦᠨ ᠤ ᠭᠠᠵᠠᠷ ᠣᠷᠣᠨ ᠤ ᠲᠦᠬᠦᠭᠡᠷᠦᠮᠵᠢᠳᠤ ᠲᠠᠷᠢᠶᠠᠯᠠᠩ ᠤᠨ ᠲᠤᠨᠤᠭ ᠲᠥᠬᠦᠭᠡᠷᠦᠮᠵᠢ ᠶᠢᠨ ᠮᠡᠷᠭᠡᠵᠢᠯ᠂ ᠲᠠᠷᠢᠮᠠᠯ ᠤᠨ ᠲᠦᠷᠦᠯ ᠵᠦᠢᠯ᠂ ᠠᠵᠤ ᠦᠢᠯᠡᠰ ᠤᠨ ᠣᠨᠴᠠᠯᠢᠭ ᠵᠡᠷᠭᠡ ᠲᠤᠷᠰᠢᠯᠭ᠎ᠠ ᠶᠢ ᠰᠤᠷᠤᠯᠴᠠᠵᠤ᠂ ᠬᠠᠷᠠᠭ᠎ᠠ ᠪᠠᠨ ᠦᠷᠭᠡᠣᠡᠭᠡᠨ ᠮᠡᠳᠡᠯᠭᠡ ᠪᠠᠨ ᠰᠢᠨᠡᠳᠬᠡᠵᠦ᠂ ᠲᠡᠷᠢᠭᠦᠨ ᠤ ᠲᠤᠷᠰᠢᠯᠭ᠎ᠠ ᠶᠢ ᠰᠢᠩᠭᠡᠭᠡᠨ ᠠᠪᠴᠤ᠂ ᠫᠠᠨ ᠵᠢᠶᠠ ᠸᠠᠨ ᠲᠣᠰᠬᠤᠨ ᠴᠢᠨᠠᠭᠰᠢᠯᠠᠪᠠᠯ ᠪᠦᠬᠦ ᠪᠠᠯᠭᠠᠰᠤᠨ ᠤ ᠲᠦᠬᠦᠭᠡᠷᠦᠮᠵᠢᠳᠤ ᠲᠠᠷᠢᠶᠠᠯᠠᠩ ᠤᠨ ᠲᠤᠨᠤᠭ ᠲᠥᠬᠦᠭᠡᠷᠦᠮᠵᠢ ᠪᠣᠯᠤᠨ ᠮᠡᠷᠭᠡᠵᠢᠯ ᠤᠨ ᠬᠥᠭᠵᠢᠯᠲᠡ ᠶᠢ ᠠᠬᠢᠭᠤᠯᠪᠠ᠃ ᠬᠤᠶᠠᠷ ᠲᠤ᠂ ᠴᠢᠨᠠᠷ ᠴᠢᠨᠰᠠᠭ᠎ᠠ ᠳᠦᠷᠢ ᠲᠥᠷᠬᠦ ᠪᠠᠨ ᠳᠡᠭᠡᠭᠰᠢᠯᠡᠭᠦᠯᠪᠡ᠃ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠬᠤᠰᠢᠭᠤᠨ ᠤ ᠠᠵᠤ ᠦᠢᠯᠡᠣᠡᠪᠣᠷᠢ ᠰᠢᠨᠵᠢᠯᠡᠬᠦ ᠤᠬᠠᠭᠠᠨ ᠤ ᠲᠣᠪᠴᠢᠶ᠎ᠠ ᠳᠤ ᠢᠳᠡᠪᠬᠢᠯᠡᠨ ᠴᠢᠷᠮᠠᠶᠢᠵᠤ᠂ ᠫᠠᠨ ᠵᠢᠶᠠ ᠸᠠᠨ ᠲᠣᠰᠬᠤᠨ ᠳᠤ ᠵᠢᠮᠢᠰ ᠨᠣᠭᠤᠭ᠎ᠠ ᠢᠯᠭᠠᠬᠤ ᠲᠥᠬᠦᠭᠡᠷᠦᠮᠵᠢ 2᠂ ᠪᠣᠭᠤᠳᠠᠯᠯᠠᠬᠤ ᠲᠥᠬᠦᠭᠡᠷᠦᠮᠵᠢ 4 ᠳᠣᠭᠢᠷᠠᠭᠤᠯᠤᠨ ᠥᠭᠴᠦ᠂ ᠵᠠᠬ᠎ᠠ ᠳᠡᠯᠭᠡᠭᠦᠷ ᠲᠤ ᠭᠠᠷᠤᠭᠰᠠᠨ ᠵᠢᠮᠢᠰ ᠨᠣᠭᠤᠭ᠎ᠠ ᠶᠢ ᠰᠢᠭᠰᠢᠨ ᠰᠣᠩᠭᠤᠬᠤ᠂ ᠲᠥᠷᠥᠯ ᠬᠤᠪᠢᠶᠠᠨ ᠪᠣᠭᠤᠳᠠᠯᠯᠠᠬᠤ ᠶᠢ ᠰᠠᠶᠢᠲᠤᠷ ᠬᠢᠵᠦ᠂ ᠲᠠᠰ ᠲᠥᠷᠥᠯ ᠬᠤᠪᠢᠶᠠᠬᠤ᠂ ᠪᠦᠲᠦᠭᠡᠭᠳᠡᠬᠦᠨ ᠰᠣᠩᠭᠤᠵᠤ ᠦᠨ᠎ᠡ ᠲᠣᠭᠲᠠᠭᠠᠬᠤ ᠪᠠᠷ ᠳᠠᠮᠵᠢᠭᠤᠯᠤᠨ᠂ ᠵᠢᠮᠢᠰ ᠨᠣᠭᠤᠭ᠎ᠠ ᠶᠢᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠵᠦ᠂ ᠡᠷᠡᠭᠦᠯ ᠬᠠᠮᠠᠭᠠᠯᠠᠯ᠂ ᠶᠠᠰᠤ ᠴᠢᠨᠠᠷ᠂ ᠪᠦᠬᠦᠯᠢ ᠴᠣᠭᠴᠠ ᠶᠢᠨ ᠳᠦᠷᠢ ᠲᠥᠷᠬᠦ ᠵᠡᠷᠭᠡ ᠡᠯ᠎ᠡ ᠲᠠᠯ᠎ᠠ ᠠᠴᠠ ᠪᠠᠷᠠᠭ᠎ᠠ ᠶᠢ ᠳᠡᠭᠡᠭᠰᠢᠯᠡᠭᠦᠯᠪᠡ᠃ ᠭᠤᠷᠪᠠ ᠳᠤ᠂ ᠪᠣᠷᠣᠯᠠᠭᠤᠯᠭ᠎ᠠ ᠶᠢᠨ ᠵᠠᠮ ᠢ ᠥᠷᠭᠡᠳᠬᠡᠵᠦ ᠣᠷᠣᠯᠭ᠎ᠠ ᠶᠢᠨ ᠨᠡᠮᠡᠭᠳᠡᠯ ᠢ ᠠᠬᠢᠭᠤᠯᠪᠡ᠃ ᠡᠯᠧᠺᠲᠷᠣᠨ ᠬᠤᠳᠠᠯᠳᠤᠭ᠎ᠠ ᠪᠠᠷ ᠪᠠᠶᠠᠵᠢᠭᠤᠯᠬᠤ ᠵᠠᠮ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠣᠳᠣᠬᠠᠨ ᠳᠤ ᠵᠢᠩ ᠳ᠋ᠦᠩ ᠤᠨ ᠠᠷᠤ ᠲᠠᠪᠴᠠᠩ ᠲᠠᠢ ᠬᠠᠮᠲᠤᠷᠠᠨ ᠵᠢᠵᠢᠭ ᠲᠥᠪᠡᠳ ᠬᠠᠰᠢ ᠲᠠᠷᠢᠵᠦ᠂ ᠨᠢᠭᠡᠨᠲᠡ ᠲᠤᠷᠰᠢᠨ ᠲᠠᠷᠢᠵᠦ᠂ ᠲᠠᠷᠢᠶᠠᠯᠠᠩ ᠤᠨ ᠪᠦᠲᠦᠭᠡᠭᠳᠡᠬᠦᠨ ᠢ ᠡᠯᠧᠺᠲᠷᠣᠨ ᠬᠤᠳᠠᠯᠳᠤᠭᠠᠨ ᠤ ᠲᠦᠷᠭᠡᠨ ᠲᠡᠷᠭᠡᠨ ᠳᠤ ᠣᠷᠣᠭᠤᠯᠣᠡᠡᠰᠡᠨ ᠨᠢ ᠫᠠᠨ ᠵᠢᠶᠠ ᠸᠠᠨ ᠲᠣᠰᠬᠤᠨ ᠤ ᠬᠡᠪᠴᠢᠶᠡᠵᠢᠭᠰᠡᠨ ᠤᠳᠤ ᠦᠶ᠎ᠡ ᠶᠢᠨ ᠲᠦᠬᠦᠭᠡᠷᠦᠮᠵᠢᠳᠤ ᠲᠠᠷᠢᠶᠠᠯᠠᠩ ᠢ ᠬᠥᠭᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠪᠣᠯᠪᠡ᠃ ᠳᠥᠷᠪᠡ ᠳᠤ᠂ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠤᠨ ᠨᠠᠷᠠᠲᠤ ᠲᠡᠮᠳᠡᠭᠲᠦ ᠶᠢ ᠪᠣᠶ ᠪᠣᠯᠭᠠᠪᠡ᠃ ᠫᠠᠨ ᠵᠢᠶᠠ ᠸᠠᠨ ᠲᠣᠰᠬᠤᠨ ᠤ ᠥᠪᠡᠷ ᠤᠨ ᠨᠠᠷᠠᠲᠤ ᠲᠡᠮᠳᠡᠭ ᠤᠨ ᠳᠦᠷᠢ ᠲᠥᠷᠬᠦ ᠶᠢ ᠬᠦᠴᠦᠯᠡᠨ ᠪᠣᠶ ᠪᠣᠯᠭᠠᠵᠤ᠂ ᠣᠳᠣᠬᠠᠨ ᠳᠤ ᠨᠢᠭᠡᠨᠲᠡ ︽ᠮᠠᠯᠵᠢᠬᠤ ᠨᠣᠭᠤᠭ᠎ᠠ ᠲᠠᠷᠢᠬᠤ ᠫᠠᠨ ᠵᠢᠶᠠ ᠸᠠᠨ︾ ᠲᠠᠸᠠᠷ ᠤᠨ ᠲᠡᠮᠳᠡᠭ ᠢ ᠳᠠᠩᠰᠠᠯᠠᠭᠤᠯᠬᠤ ᠶᠢᠨ ᠬᠠᠮᠲᠤ ᠪᠣᠬᠢᠷᠲᠤᠯ ᠥᠬᠡᠶ ᠢᠳᠡᠭᠡᠨ ᠤ ᠭᠡᠷᠡᠴᠢᠯᠡᠭᠡ ᠪᠠᠷ ᠳᠡᠮᠵᠢᠨ ᠶᠠᠰᠤ ᠴᠢᠨᠠᠷ ᠢ ᠪᠠᠲᠤᠯᠠᠬᠤ ᠶᠢᠨ ᠬᠠᠮᠲᠤ ᠬᠠᠮᠢᠶᠠᠷᠤᠯᠲᠠ ᠶᠢᠨ ᠬᠢᠷᠢ ᠲᠦᠪᠰᠢᠨ ᠪᠠ ᠠᠮᠤᠷ ᠲᠦᠪᠰᠢᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠲᠠᠪᠤ ᠳᠤ᠂ ᠴᠢᠳᠠᠪᠤᠷᠢᠲᠠᠨ ᠢ ᠬᠥᠮᠦᠵᠢᠭᠦᠯᠵᠦ ᠬᠥᠭᠵᠢᠯᠲᠡ ᠶᠢ ᠬᠥᠲᠥᠯᠥᠨ ᠲᠠᠭᠠᠭᠤᠯᠪᠡ᠃ ᠪᠠᠯᠭᠠᠰᠤᠨ ᠤ ᠲᠠᠷᠢᠶᠠᠯᠠᠩ ᠮᠠᠯ ᠠᠵᠤ ᠠᠬᠤᠶ ᠶᠢᠨ ᠦᠢᠯᠡᠴᠢᠯᠡᠭᠡᠨ ᠤ ᠲᠥᠪ ᠮᠡᠷᠭᠡᠵᠢᠯ ᠤᠨ ᠲᠤᠰᠬᠠᠶ ᠮᠡᠷᠭᠡᠵᠢᠯᠲᠡᠨ ᠢ ᠤᠷᠢᠵᠤ ᠲᠣᠰᠬᠤᠨ ᠳᠤ ᠣᠴᠢᠭᠤᠯᠤᠨ ᠮᠡᠷᠭᠡᠵᠢᠯ ᠤᠨ ᠪᠣᠯᠪᠠᠰᠤᠷᠠᠭᠤᠯᠤᠯ ᠥᠷᠨᠢᠭᠦᠯᠵᠦ᠂ ᠲᠣᠯᠠᠭᠠᠨ ᠬᠦᠯᠡᠮᠵᠢ᠂ ᠵᠠᠳᠠᠭᠠᠶ ᠭᠠᠵᠠᠷ ᠢᠳᠡᠰᠢᠨ ᠨᠣᠭᠤᠭ᠎ᠠ ᠲᠠᠷᠢᠵᠣ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠬᠠᠮᠢᠶ᠎ᠠ ᠪᠥᠬᠦᠶ ᠠᠷᠭ᠎ᠠ ᠶᠢ ᠲᠠᠶᠢᠯᠪᠣᠷᠢᠯᠡᠵᠣ᠂ ᠵᠠᠬᠢᠶᠠᠯᠠᠭ᠎ᠠ ᠶᠢᠨ ᠲᠠᠷᠢᠶᠠᠯᠠᠩ ᠤᠨ ᠬᠥᠭᠵᠢᠯᠲᠡ ᠳᠤ ᠦᠵᠡᠬᠦᠯᠬᠦ ᠢᠷᠡᠭᠡᠳᠦᠶ ᠳᠤ ᠲᠠᠶᠢᠯᠪᠣᠷᠢᠯᠠᠯᠳᠡ ᠬᠢᠵᠣ᠂ ᠣᠷᠣᠨ ᠨᠤᠲᠤᠭ ᠤᠨ ᠴᠢᠳᠠᠪᠤᠷᠢᠲᠠᠨ ᠢ ᠬᠥᠮᠦᠵᠢᠭᠦᠯᠦᠨ᠂ ᠣᠷᠣᠨ ᠨᠤᠲᠤᠭ ᠤᠨ ᠴᠢᠳᠠᠪᠤᠷᠢᠲᠠᠨ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠦᠨ ᠳᠠᠭᠠᠭᠤᠯᠬᠤ ᠬᠤᠪᠣᠷ ᠨᠠᠨᠳᠢᠨ ᠡᠬᠢ ᠪᠠᠶᠠᠯᠢᠭ ᠪᠣᠯᠭᠠᠨ᠎ᠠ ᠭᠡᠪᠡ᠃
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号