ᠠᠷᠤ ᠬᠤᠷᠴᠢᠨ ᠬᠤᠰᠢᠭᠤ ︽ᠳᠥᠷᠪᠡᠨ ᠨᠢᠭᠡ ᠪᠦᠯᠦᠭ︾ ᠤᠨ ᠠᠵᠢᠯ ᠤᠨ ᠠᠷᠭ᠎ᠠ ᠶᠢ ᠰᠢᠨ᠎ᠡ ᠪᠠᠷ ᠡᠭᠦᠳᠦᠨ | ᠬᠡᠷᠡᠭᠯᠡᠵᠦ᠂ ᠠᠷᠠᠳ ᠤᠨ ᠬᠤᠭᠤᠷᠣᠨᠳᠣᠬᠢ ᠵᠢᠭᠡᠯᠡᠯᠭᠡ ᠶᠢᠨ ᠬᠡᠪᠴᠢᠶ᠎ᠡ ᠶᠢ ᠢᠳᠡᠪᠬᠢᠲᠡᠶ ᠯᠠᠪᠳᠠᠭᠤᠨ ᠢᠶᠠᠷ ᠪᠠᠭᠠᠰᠬᠠᠪᠠ᠃ | ᠨᠢᠭᠡ ᠳᠤ᠂ ᠦᠪᠡᠰᠦᠪᠡᠨ ᠨᠢᠭᠡ ᠪᠦᠯᠦᠭ ᠢ ᠨᠢ ᠲᠥᠯᠦᠪᠡ᠃ ᠡᠯ᠎ᠡ ᠰᠤᠮᠤ ᠰᠢᠶᠠᠩ ᠪᠠᠯᠭᠠᠰᠤ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢᠶᠠᠷ ᠭᠤᠤᠯᠯᠠᠭᠤᠯᠤᠨ᠂ ᠵᠣᠭᠤᠰ ᠪᠤᠴᠠᠭᠠᠬᠤ ᠨᠢᠭᠡᠳᠦᠭᠡᠷ ᠢᠷᠡᠯᠲᠡ ᠶᠢᠨ | ᠲᠣᠭᠤᠷᠢᠨ ᠳᠤ᠂ ᠵᠣᠭᠤᠰ ᠵᠢᠭᠡᠯᠡᠭᠴᠢ ᠶᠢᠨ ᠦᠢᠯᠡᠳᠪᠦᠷᠢᠯᠡᠯ ᠡᠵᠡᠩᠨᠡᠯᠲᠡ ᠪᠠ ᠠᠰᠢᠭ ᠣᠷᠣᠯᠭ᠎ᠠ ᠶᠢᠨ ᠪᠠᠶᠢᠳᠠᠯ ᠢ | ᠭᠦᠨᠵᠡᠭᠡᠶ ᠤᠶᠢᠯᠠᠭᠠᠨ ᠡᠵᠡᠮᠰᠢᠵᠦ᠂ ᠮᠠᠯᠴᠢᠨ ᠲᠠᠷᠢᠶᠠᠴᠢᠨ ᠤ ᠬᠠᠤᠯᠢ ᠶᠣᠰᠣᠨ ᠤ ᠣᠷᠣᠯᠭ᠎ᠠ ᠶᠢ ᠠᠰᠢᠭᠯᠠᠨ᠂ | ᠡᠶᠡᠳᠡᠭᠦᠯᠦᠨ ᠰᠢᠢᠳᠪᠦᠷᠢᠯᠡᠵᠦ ᠪᠣᠢ᠃ ᠤᠳᠤ ᠥᠭᠴᠡᠭᠡᠲᠡᠨ ᠢ ᠬᠥᠲᠥᠯᠥᠨ ᠵᠢᠯᠣᠭᠤᠳᠴᠤ ᠪᠠᠶᠢᠭᠠᠳ 7948 | ᠬᠤᠪᠢ . 88701.56 ᠲᠦᠮᠡᠨ ᠲᠥᠭᠦᠷᠢᠭ ᠵᠣᠭᠤᠰ ᠢ ᠪᠡᠶ᠎ᠡ ᠪᠠᠨ ᠳᠠᠭᠠᠭᠠᠵᠤ ᠪᠤᠴᠠᠭᠠᠯᠭᠠᠪᠠ᠃ ᠬᠤᠶᠠᠷ ᠲᠤ᠂ | ᠨᠢᠭᠡ ᠪᠦᠯᠦᠭ ᠢ ᠨᠢ ᠡᠶᠡᠳᠡᠭᠦᠯᠦᠨ ᠵᠢᠷᠤᠮᠵᠢᠭᠤᠯᠪᠠ᠃ ᠬᠠᠤᠯᠢ ᠴᠠᠭᠠᠵᠠ ᠶᠢᠨ ᠡᠶᠡᠳᠡᠭᠦᠯᠭᠡ ᠪᠠ ᠬᠥᠲᠥᠯᠥᠨ | ᠵᠢᠯᠣᠭᠤᠳᠬᠤ ᠦᠢᠯᠡᠳᠦᠯ ᠢ ᠴᠢᠩᠭᠠᠳᠬᠠᠵᠤ᠂ ᠠᠷᠠᠳ ᠤᠨ ᠡᠶᠡᠳᠡᠭᠦᠯᠭᠡ ᠪᠠ ᠬᠠᠤᠯᠢ ᠴᠠᠭᠠᠵᠠ ᠶᠢᠨ ᠲᠤᠰᠠᠯᠠᠮᠵᠢ ᠶᠢ | ᠣᠷᠭᠠᠨᠢᠭ ᠢᠶᠠᠷ ᠤᠶᠠᠯᠳᠤᠭᠤᠯᠵᠤ᠂ ︽ᠤᠯᠠᠨ ᠡᠰᠢᠴᠢᠯᠡᠭᠰᠡᠨ ᠡᠶᠡᠳᠡᠭᠦᠯᠭᠡ + ᠬᠠᠤᠯᠢ ᠴᠠᠭᠠᠵᠠ ᠶᠢᠨ ᠲᠤᠰᠠᠯᠠᠮᠵᠢ︾ | ᠶᠢᠨ ᠵᠠᠭᠪᠤᠷ ᠢ ᠰᠢᠨ᠎ᠡ ᠪᠠᠷ ᠡᠭᠦᠳᠦᠨ ᠬᠡᠷᠡᠭᠯᠡᠵᠦ᠂ ᠡᠶᠡᠳᠡᠭᠦᠯᠬᠦ᠂ ᠦᠷᠭᠦᠯᠵᠢᠯᠡᠨ ᠵᠢᠭᠡᠯᠡᠬᠦ᠂ ᠬᠦᠦ ᠮᠥᠩᠭᠦ ᠶᠢ | ᠵᠣᠭᠰᠣᠭᠠᠬᠤ᠂ ᠬᠤᠭᠤᠴᠠᠭ᠎ᠠ ᠬᠤᠪᠢᠶᠠᠨ ᠵᠣᠭᠤᠰ ᠪᠤᠴᠠᠭᠠᠬᠤ ᠲᠥᠯᠥᠪᠯᠡᠭᠡ ᠵᠡᠷᠭᠡ ᠰᠢᠨ᠎ᠡ ᠠᠷᠭ᠎ᠠ ᠵᠠᠮ ᠢ | ᠠᠰᠢᠭᠯᠠᠪᠠ᠃ ᠤᠳᠤ ᠨᠢᠭᠡᠨᠲᠡ ᠠᠷᠠᠳ ᠤᠨ ᠬᠤᠭᠤᠷᠣᠨᠳᠣᠬᠢ ᠵᠢᠭᠡᠯᠡᠯᠭᠡ ᠶᠢ 279 ᠬᠤᠪᠢ ᠡᠶᠡᠳᠡᠭᠦᠯᠦᠨ | ᠵᠢᠷᠤᠮᠵᠢᠭᠤᠯᠵᠤ᠂ ᠡᠶᠡᠳᠡᠭᠦᠯᠦᠭᠰᠡᠨ ᠵᠣᠭᠤᠰ ᠤᠨ ᠲᠤᠭ᠎ᠠ ᠨᠢ 3045.42 ᠲᠦᠮᠡᠨ ᠲᠥᠭᠦᠷᠢᠭ ᠲᠤ ᠬᠦᠷᠴᠡᠶ᠃ | ᠭᠤᠷᠪᠠ ᠳᠤ᠂ ᠪᠠᠩᠬᠢ ᠠᠴᠠ ᠨᠢᠭᠡ ᠪᠦᠯᠦᠭ ᠢ ᠨᠢ ᠵᠢᠭᠡᠯᠡᠯᠭᠡ ᠪᠣᠯᠭᠠᠨ ᠰᠣᠯᠢᠪᠠ᠃ ᠡᠯ᠎ᠡ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠵᠣᠬᠢᠴᠠᠭᠤᠯᠵᠤ᠂ ᠬᠠᠷᠢᠮᠠᠬᠠᠶ ᠴᠢᠨᠠᠷᠲᠠᠶ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠠᠶᠢᠨ ᠰᠦᠪᠡᠭᠴᠢᠯᠡᠵᠦ᠂ ᠪᠠᠩᠬᠢ ᠶᠢ ᠵᠣᠬᠢᠴᠠᠭᠤᠯᠤᠨ ᠮᠠᠯᠴᠢᠨ | ᠲᠠᠷᠢᠶᠠᠴᠢᠳ ᠲᠤ ᠢᠲᠡᠭᠡᠮᠵᠢᠲᠦ ᠵᠢᠭᠡᠯᠡᠯᠭᠡ ᠶᠢᠨ ᠢᠲᠡᠭᠡᠮᠵᠢ ᠪᠠᠨ ᠨᠡᠮᠡᠭᠳᠡᠭᠦᠯᠦᠨ ᠦᠷᠭᠦᠯᠵᠢᠯᠡᠨ ᠵᠢᠭᠡᠯᠡᠯᠭᠡ ᠲᠠᠯᠪᠢᠬᠤ | ᠠᠵᠢᠯ ᠢ ᠬᠠᠩᠭᠠᠵᠤ᠂ ᠠᠷᠠᠳ ᠤᠨ ᠬᠤᠭᠤᠷᠣᠨᠳᠣᠬᠢ ᠵᠢᠭᠡᠯᠡᠯᠭᠡ ᠶᠢᠨ ᠨᠢᠭᠡ ᠬᠡᠰᠡᠭ ᠢ ᠪᠤᠶᠤ ᠪᠦᠬᠦᠨ ᠢ ᠪᠠᠩᠬᠢ ᠶᠢᠨ | ᠵᠢᠭᠡᠯᠡᠯᠭᠡ ᠪᠣᠯᠭᠠᠨ ᠰᠣᠯᠢᠬᠤ ᠳᠤ ᠬᠡᠷᠡᠭᠯᠡᠵᠦ᠂ ᠡᠳᠦᠭᠡ ᠨᠢᠭᠡᠨᠲᠡ 240 ᠬᠤᠪᠢ ᠪᠠᠩᠬᠢ ᠶᠢᠨ ᠵᠢᠭᠡᠯᠡᠯᠭᠡ ᠪᠣᠯᠭᠠᠨ | ᠰᠣᠯᠢᠬᠤ ᠠᠵᠢᠯ ᠢ ᠬᠠᠩᠭᠠᠵᠤ᠂ ᠰᠣᠯᠢᠭᠰᠠᠨ ᠵᠣᠭᠤᠰ ᠤᠨ ᠲᠤᠭ᠎ᠠ ᠨᠢ 1954.5 ᠲᠦᠮᠡᠨ ᠲᠥᠭᠦᠷᠢᠭ ᠪᠣᠯᠪᠠ᠃ | ᠲᠦᠷᠪᠡ ᠳᠤ᠂ ᠨᠢᠭᠡ ᠪᠦᠯᠦᠭ ᠬᠥᠮᠦᠰ ᠲᠤ ᠴᠣᠬᠢᠯᠲᠠ ᠥᠭᠴᠦ ᠵᠠᠯᠬᠠᠭᠠᠨ ᠴᠡᠭᠡᠷᠯᠡᠭᠦᠯᠪᠡ᠃ ᠳᠠᠷᠠᠭᠠᠯᠠᠨ | ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠰᠤᠮᠤ ᠰᠢᠶᠠᠩ ᠪᠠᠯᠭᠠᠰᠤ ᠶᠢᠨ ᠳᠠᠯᠳᠠ ᠠᠵᠢᠯ ᠮᠡᠷᠭᠡᠵᠢᠯ ᠤᠨ | ᠵᠢᠭᠡᠯᠡᠯᠭᠡ ᠲᠠᠯᠪᠢᠭᠴᠢ ᠶᠢ ᠬᠢᠨᠠᠨ ᠬᠠᠮᠢᠶᠠᠷᠬᠤ ᠪᠠ ᠪᠠᠶᠢᠴᠠᠭᠠᠨ ᠣᠶᠢᠯᠠᠭᠠᠬᠤ ᠠᠵᠢᠯ ᠢ ᠴᠢᠩᠭᠠᠳᠬᠠᠵᠤ᠂ | ᠢᠯᠠᠩᠭᠤᠶᠠᠡᠬᠡ ᠮᠦᠩᠬᠦ ᠠᠴᠠ ᠬᠦᠤ ᠮᠥᠩᠭᠦ ᠶᠢ ᠰᠠᠭᠤᠯᠭᠠᠨ ᠠᠪᠬᠤ᠂ ᠴᠥᠷᠬᠡᠯᠡᠭᠡ ᠵᠢᠭᠡᠯᠡᠯᠭᠡ ᠵᠡᠷᠭᠡ ᠦᠢᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ ᠨᠦᠬᠦᠭᠡ ᠲᠠᠯ᠎ᠠ ᠪᠠᠷ ᠵᠣᠭᠤᠰ ᠲᠠᠢ ᠪᠠᠶᠢᠭᠠᠳ ᠲᠦᠯᠤᠬᠦ ᠦᠭᠡᠢ᠂ | ᠵᠤᠷᠢᠭᠤᠳᠠ ᠥᠷᠢ ᠠᠴᠠ ᠪᠠᠨ ᠳᠤᠲᠠᠭᠠᠬᠤ ᠵᠡᠷᠭᠡ ᠯᠠᠶᠢᠮᠤᠤᠷᠴᠢ ᠠᠵᠢᠯᠯᠠᠭ᠎ᠠ ᠳᠤ ᠴᠢᠭᠯᠡᠭᠦᠯᠦᠨ ᠴᠢᠩᠭ᠎ᠠ ᠰᠢᠳᠬᠡᠯ | ᠥᠭᠴᠦ᠂ ᠬᠠᠤᠯᠢ ᠴᠠᠭᠠᠵᠠ ᠶᠢᠨ ᠠᠷᠭ᠎ᠠ ᠪᠠᠷᠢᠯ ᠢᠶᠠᠷ ᠥᠭᠴᠡᠭᠡᠲᠡᠨ ᠢ ᠠᠯᠪᠠᠳᠠᠵᠤ ᠪᠠᠶᠢᠭᠠᠳ ᠵᠣᠭᠤᠰ ᠲᠦᠯᠦᠬᠦ | ᠡᠭᠦᠷᠭᠡ ᠶᠢ ᠨᠢ ᠭᠦᠢᠴᠡᠳᠬᠡᠭᠦᠯᠪᠡ᠃ ᠡᠳᠦᠭᠡ ᠨᠢᠭᠡᠨᠲᠡ 15 ᠬᠡᠷᠡᠭ᠂ 28 ᠬᠥᠮᠦᠨ ᠢ ᠰᠢᠢᠳᠪᠦᠷᠢᠯᠡᠵᠦ᠂ ᠨᠡᠶᠢᠲᠡ | 28000 ᠲᠦᠮᠡᠨ ᠲᠥᠭᠦᠷᠢᠭ ᠲᠤ ᠬᠤᠯᠪᠣᠭᠳᠠᠭᠰᠠᠨ ᠪᠠᠶᠢᠨ᠎ᠠ᠃ ᠣᠳᠣᠬᠠᠨ ᠳᠤ᠂ ᠠᠷᠤ ᠬᠤᠷᠴᠢᠨ ᠬᠤᠰᠢᠭᠤᠨ ᠤ | ᠣᠲᠣ ᠶᠢᠨ ᠠᠷᠠᠳ ᠤᠨ ᠬᠤᠭᠤᠷᠣᠨᠳᠣᠬᠢ ᠵᠢᠭᠡᠯᠡᠯᠭᠡ ᠶᠢᠨ ᠶᠡᠷᠦᠩᠬᠡᠶ ᠬᠡᠮᠵᠢᠶ᠎ᠡ 1.71 ᠳ᠋ᠦᠩᠰᠢᠭᠤᠷ ᠲᠥᠭᠦᠷᠢᠭ | ᠪᠠᠶᠢᠵᠤ᠂ ᠵᠢᠯ ᠤᠨ ᠡᠬᠢᠨ ᠤ ᠬᠢ ᠠᠴᠠ 8.58 ᠳ᠋ᠦᠩᠰᠢᠭᠤᠷ ᠲᠥᠭᠦᠷᠢᠭ ᠪᠠᠭᠠᠰᠴᠤ᠂ ᠠᠷᠠᠳ ᠤᠨ ᠬᠤᠭᠤᠷᠣᠨᠳᠣᠬᠢ | ᠵᠢᠭᠡᠯᠡᠯᠭᠡ ᠶᠢᠨ ᠦᠯᠡᠳᠡᠭᠡᠯ ᠡᠷᠦᠬᠡ ᠶᠢᠨ ᠲᠤᠭ᠎ᠠ 2257 ᠪᠠᠶᠢᠵᠤ᠂ ᠵᠢᠯ ᠤᠨ ᠡᠬᠢᠨ ᠤ ᠬᠢ ᠠᠴᠠ 5159 ᠡᠷᠦᠬᠡ | ᠬᠠᠰᠤᠭᠳᠠᠵᠤ᠂ ᠤᠤᠯ ᠤᠨ ᠵᠢᠯ ᠤᠨ ᠬᠦᠤ ᠮᠥᠩᠭᠦ ᠶᠢᠨ ᠨᠣᠷᠮ᠎ᠠ 24% ᠠᠴᠠ ᠳᠡᠭᠡᠭᠰᠢᠬᠢ 6554 ᠬᠤᠪᠢ᠂ | 2.4 ᠳ᠋ᠦᠩᠰᠢᠭᠤᠷ ᠲᠥᠭᠦᠷᠢᠭ ᠢ ᠪᠦᠬᠦᠨ ᠢ ᠰᠢᠢᠳᠪᠦᠷᠢᠯᠡᠪᠡ᠃ | | |