ᠠᠷᠤ ᠬᠤᠷᠴᠢᠨ ᠬᠤᠰᠢᠭᠤ ︽ᠭᠤᠷᠪᠠᠨ ᠠᠷᠭ᠎ᠠ ᠬᠡᠮᠵᠢᠶ᠎ᠡ︾ ᠪᠠᠷ ᠦᠨᠳᠦᠰᠦᠨ ᠱᠠᠲᠤᠨ ᠤ ᠵᠥᠷᠢᠴᠡᠯ ᠢ ᠡᠶᠡᠳᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠹᠧᠩ ᠴᠢᠶᠣᠤ ᠶᠢᠨ ᠲᠤᠷᠰᠢᠯᠭ᠎ᠠ︾ ᠶᠢ ᠲᠣᠰ ᠭᠠᠵᠠᠷ ᠤᠨ ᠤᠨᠴᠠᠯᠢᠭ ᠲᠠᠢ ᠪᠤᠯᠭᠠᠬᠤ ᠦᠢᠯᠡᠳᠦᠯᠭᠡ ᠶᠢ ᠯᠠᠪᠳᠠᠭᠤᠨ ᠪᠠᠲᠤᠲᠠᠶ ᠠᠬᠢᠭᠤᠯᠪᠠ
ᠨᠡᠶᠢᠲᠡᠯᠡᠭᠰᠡᠨ ᠴᠠᠭ᠄
2021/12/1
     ᠠᠷᠤ ᠬᠤᠷᠴᠢᠨ ᠬᠤᠰᠢᠭᠤ ︽ᠭᠤᠷᠪᠠᠨ ᠠᠷᠭ᠎ᠠ ᠬᠡᠮᠵᠢᠶ᠎ᠡ︾ ᠪᠠᠷ ᠦᠨᠳᠦᠰᠦᠨ ᠱᠠᠲᠤᠨ ᠤ ᠵᠥᠷᠢᠴᠡᠯ ᠢ ᠡᠶᠡᠳᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠹᠧᠩ ᠴᠢᠶᠣᠤ ᠶᠢᠨ ᠲᠤᠷᠰᠢᠯᠭ᠎ᠠ︾ ᠶᠢ ᠲᠣᠰ ᠭᠠᠵᠠᠷ ᠤᠨ ᠤᠨᠴᠠᠯᠢᠭ ᠲᠠᠢ ᠪᠤᠯᠭᠠᠬᠤ ᠦᠢᠯᠡᠳᠦᠯᠭᠡ ᠶᠢ ᠯᠠᠪᠳᠠᠭᠤᠨ ᠪᠠᠲᠤᠲᠠᠶ ᠠᠬᠢᠭᠤᠯᠪᠠ᠃ ᠨᠢᠭᠡ ᠳᠤ᠂ ᠡᠯ᠎ᠡ ᠱᠠᠲᠤᠨ ᠤ ᠡᠶᠡᠳᠡᠭᠦᠯᠭᠡ ᠶᠢᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠠᠷᠠᠭᠠᠯᠠᠨ ᠪᠠᠶᠢᠴᠠᠭᠠᠵᠤ ᠡᠶᠡᠳᠡᠭᠦᠯᠦᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠂ ᠪᠠᠶᠢᠳᠠᠯ ᠢ ᠣᠶᠢᠯᠠᠭᠠᠵᠤ ᠳᠠᠷᠠᠭᠠᠯᠠᠨ ᠪᠠᠶᠢᠴᠠᠭᠠᠵᠤ ᠵᠦᠷᠢᠴᠡᠯ ᠢ ᠰᠢᠢᠳᠪᠦᠷᠢᠯᠡᠬᠦ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠪᠡ᠃ ᠵᠢᠯ ᠤᠨ ᠡᠬᠢᠨ ᠠᠴᠠ ᠨᠠᠰᠢ ᠡᠯ᠎ᠡ ᠱᠠᠲᠤᠨ ᠤ ᠠᠷᠠᠳ ᠤᠨ ᠡᠶᠡᠳᠡᠭᠦᠯᠭᠡ ᠶᠢᠨ ᠵᠣᠬᠢᠶᠠᠨ ᠪᠠᠶᠢᠭᠤᠯᠤᠯᠲᠠ ᠡᠯ᠎ᠡ ᠲᠦᠷᠦᠯ ᠤᠨ ᠵᠥᠷᠢᠴᠡᠯ ᠵᠢᠭᠤᠷᠠᠯᠳᠤᠭᠠᠨ ᠢ ᠨᠡᠶᠢᠳᠡ 5309 ᠬᠤᠪᠢ ᠳᠠᠷᠠᠭᠠᠯᠠᠨ ᠪᠠᠶᠢᠴᠠᠭᠠᠵᠤ᠂ 5233 ᠤᠳᠠᠭ᠎ᠠ ᠪᠦᠲᠦᠮᠵᠢᠲᠡᠢ ᠡᠶᠡᠳᠡᠭᠦᠯᠦᠨ᠂ ᠡᠶᠡᠳᠡᠭᠦᠯᠦᠭᠰᠡᠨ ᠨᠤᠷᠮ᠎ᠠ 100% ᠳᠤ ᠬᠦᠷᠴᠦ᠂ ᠪᠦᠲᠦᠮᠵᠢᠲᠦ ᠡᠶᠡᠳᠡᠭᠦᠯᠭᠡ ᠶᠢᠨ ᠨᠤᠷᠮ᠎ᠠ 98.56% ᠳᠤ ᠬᠦᠷᠴᠡᠶ᠃ ᠬᠤᠶᠠᠷ ᠲᠤ᠂ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ ᠵᠠᠷᠴᠢᠮ ᠢ ᠪᠠᠷᠢᠮᠲᠠᠯᠠᠵᠤ᠂ ᠠᠷᠤ ᠬᠤᠷᠴᠢᠨ ᠬᠤᠰᠢᠭᠤ ᠵᠠᠷᠭᠤ ᠪᠠ ᠡᠶᠡᠳᠡᠭᠦᠯᠭᠡ ᠶᠢ ᠵᠣᠯᠭᠠᠭᠤᠯᠬᠤ ᠲᠥᠪ ᠲᠤ ᠠᠳᠠᠯ ᠠᠬᠤᠶ ᠶᠢᠨ ᠬᠠᠮᠢᠶᠠᠷᠤᠯᠲᠠ ᠶᠢᠨ ᠵᠢᠭᠤᠷᠠᠯᠳᠤᠭᠠᠨ ᠢ ᠡᠶᠡᠳᠡᠭᠦᠯᠬᠦ ᠲᠠᠰᠤᠭ ᠢ ᠪᠠᠶᠢᠭᠤᠯᠵᠤ᠂ ᠵᠠᠷᠭᠤ ᠶᠢᠨ ᠪᠤᠰᠤ ᠵᠢᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠠᠳᠠᠯ ᠠᠬᠤᠶ ᠶᠢᠨ ᠬᠠᠮᠢᠶᠠᠷᠤᠯᠲᠠ ᠶᠢᠨ ᠵᠢᠭᠤᠷᠠᠯᠳᠤᠭᠠᠨ ᠳᠠᠬᠢ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ ᠶᠢᠨ ᠤᠷᠢᠳᠴᠢᠯᠠᠨ ᠰᠡᠷᠭᠡᠶᠢᠯᠡᠬᠦ ᠪᠠ ᠡᠶᠡᠳᠡᠭᠦᠯᠦᠨ ᠰᠢᠢᠳᠪᠦᠷᠢᠯᠡᠬᠦ ᠦᠢᠯᠡᠳᠦᠯ ᠢ ᠭᠦᠢᠴᠡᠳ ᠪᠠᠳᠠᠷᠠᠭᠤᠯᠪᠠ᠃ ᠵᠢᠯ ᠤᠨ ᠡᠬᠢᠨ ᠠᠴᠠ ᠨᠠᠰᠢ ᠠᠳᠠᠯ ᠠᠬᠤᠶ ᠶᠢᠨ ᠵᠢᠭᠤᠷᠠᠯᠳᠤᠭᠠᠨ ᠢ ᠨᠡᠶᠢᠲᠡ 21 ᠬᠤᠪᠢ ᠠᠮᠵᠢᠯᠲᠠ ᠲᠠᠢ ᠡᠶᠡᠳᠡᠭᠦᠯᠦᠭᠰᠡᠨ ᠪᠠᠶᠢᠨ᠎ᠠ᠃ ᠭᠤᠷᠪᠠ ᠳᠤ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠭᠠᠵᠠᠷ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︽2+N︾ ᠠᠵᠢᠯ ᠤᠨ ᠵᠠᠭᠪᠤᠷ ᠢ ᠰᠢᠨ᠎ᠡ ᠪᠠᠷ ᠡᠭᠦᠳᠦᠨ ᠪᠠᠶᠢᠭᠤᠯᠪᠠ᠃ ᠣᠳᠣᠬᠠᠨ ᠳᠤ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠳᠤ ᠬᠤᠶᠠᠷ ᠰᠠᠯᠪᠤᠷᠢ ᠬᠤᠯᠪᠤᠭᠠᠯᠠᠨ ᠬᠥᠳᠡᠯᠦᠯᠴᠡᠬᠦ ᠲᠥᠪ ᠢ ᠨᠡᠶᠢᠲᠡ 15 ᠪᠠᠶᠢᠭᠤᠯᠪᠠ᠃ ᠵᠢᠯ ᠤᠨ ᠡᠬᠢᠨ ᠠᠴᠠ ᠨᠠᠰᠢ ᠠᠷᠤ ᠬᠤᠷᠴᠢᠨ ᠬᠤᠰᠢᠭᠤᠨ ᠤ ︽ᠬᠤᠶᠠᠷ ᠰᠠᠯᠪᠤᠷᠢ︾ ᠬᠤᠯᠪᠣᠭᠠᠯᠠᠨ ᠬᠥᠳᠡᠯᠦᠯᠴᠡᠬᠦ ᠲᠥᠪ ᠤᠨ ᠲᠤᠰᠬᠠᠶ ᠵᠦᠢᠯ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠨᠡᠶᠢᠲᠡ 126 ᠲᠠᠯᠠᠪᠤᠷ ᠤᠳᠠᠭ᠎ᠠ ᠶᠠᠪᠤᠭᠤᠯᠵᠤ᠂ ᠬᠠᠤᠯᠢ ᠪᠠᠷ ᠵᠠᠰᠠᠬᠤ ᠤᠬᠠᠭᠤᠯᠭ᠎ᠠ ᠶᠢᠨ ᠮᠠᠲ᠋ᠧᠷᠢᠶᠠᠯ ᠢ 38360 ᠳᠡᠪᠲᠡᠷ ᠲᠠᠷᠬᠠᠭᠠᠪᠠ︔ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠲᠤ ᠰᠡᠷᠡᠮᠵᠢᠯᠡᠭᠦᠯᠬᠦ ᠬᠥᠮᠦᠵᠢᠯ 144 ᠲᠠᠯᠠᠪᠤᠷ ᠤᠳᠠᠭ᠎ᠠ ᠬᠢᠵᠦ᠂ ᠬᠡᠷ ᠪᠦᠯᠢ ᠪᠠᠷ 200 ᠤᠳᠠᠭ᠎ᠠ ᠰᠤᠷᠪᠤᠯᠵᠢᠯᠠᠪᠠ︔ 180 ᠤᠳᠠᠭ᠎ᠠ ᠶᠢᠨ ᠵᠥᠷᠢᠴᠡᠯ ᠵᠢᠭᠤᠷᠠᠯᠳᠤᠭᠠᠨ ᠢ ᠪᠦᠬᠦ ᠲᠠᠯ᠎ᠠ ᠪᠠᠷ ᠳᠠᠷᠠᠭᠠᠯᠠᠨ ᠪᠠᠶᠢᠴᠠᠭᠠᠬᠤ ᠶᠢ 180 ᠤᠳᠠᠭ᠎ᠠ ᠦᠷᠨᠢᠭᠦᠯᠵᠦ᠂ 814 ᠬᠤᠪᠢ ᠵᠥᠷᠢᠴᠡᠯ ᠵᠢᠭᠤᠷᠠᠯᠳᠤᠭᠠᠨ ᠢ ᠳᠠᠷᠠᠭᠠᠯᠠᠨ ᠪᠠᠶᠢᠴᠠᠭᠠᠵᠤ᠂ 797 ᠬᠤᠪᠢ ᠶᠢ ᠰᠢᠢᠳᠪᠦᠷᠢᠯᠡᠨ᠂ ᠡᠶᠡᠳᠡᠭᠦᠯᠦᠭᠰᠡᠨ ᠨᠣᠷᠮ᠎ᠠ 100% ᠳᠤ ᠬᠦᠷᠴᠦ᠂ ᠪᠦᠲᠦᠮᠵᠢᠲᠦ ᠡᠶᠡᠳᠡᠭᠦᠯᠭᠡ ᠶᠢᠨ ᠨᠣᠷᠮ᠎ᠠ 99.54% ᠳᠤ ᠬᠥᠷᠪᠡ᠃
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号