| | 11 ᠰᠠᠷ᠎ᠠ ᠶᠢᠨ 28 ᠠᠴᠠ 29 ᠤ ᠡᠳᠦᠷ ᠪᠣᠯᠲᠠᠯ᠎ᠠ᠂ ᠪᠡᠭᠡᠵᠢᠩ ᠬᠤᠲᠠ ᠶᠢᠨ ᠴᠠᠩᠫᠢᠩ ᠲᠣᠭᠤᠷᠢᠭ | ᠤᠨ ᠳᠡᠳ᠋ ᠱᠦᠵᠢ᠂ ᠣᠷᠣᠯᠠᠭᠴᠢ ᠲᠣᠭᠤᠷᠢᠭ ᠤᠨ ᠳᠠᠷᠤᠭ᠎ᠠ ᡁᠢ ᠰᠢᠶᠠᠨ ᠸᠧᠶ ᠨᠡᠷ ᠮᠠᠨ ᠤ ᠬᠤᠰᠢᠭᠤᠨ ᠳᠤ ᠠᠵᠢᠯ | ᠲᠥᠷᠥᠯ ᠤᠨ ᠰᠢᠰᠲ᠋ᠧᠮ ᠢᠶᠠᠷ ᠬᠠᠪᠰᠤᠷᠤᠨ ᠲᠡᠳᠬᠦᠬᠦ ᠠᠵᠢᠯ ᠤᠨ ᠲᠤᠬᠠᠶ ᠪᠠᠶᠢᠴᠠᠭᠠᠪᠠ ᠃ ᠴᠠᠩᠫᠢᠩ ᠲᠣᠭᠤᠷᠢᠭ | ᠤᠨ ᠳᠡᠳ᠋ ᠳᠠᠷᠤᠭ᠎ᠠ ᠭᠦᠸᠧ ᠴᠢᠩ ᠶᠣᠣ᠂ ᠴᠠᠩᠫᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ | ᠡᠷᠬᠢᠯᠡᠭᠴᠢ ᠰᠠᠩ ᠰᠢᠶᠠᠨ ᠵᠢᠶᠦ᠋ᠨ᠂ ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠮᠦ | ᠂ ᠬᠤᠰᠢᠭᠤᠨ ᠤᠳᠤᠷᠢᠳᠤᠯᠭ᠎ᠠ ᠸᠧᠢ ᠪᠢᠯᠢᠭ᠂ ᠯᠢ ᠯᠢᠩ ᠢᠤᠢ᠂ ᠰᠡᠷᠭᠦᠯᠡᠩ᠂ ᠰᠦᠨ ᠵᠢᠶᠠᠨ ᠾᠧ ᠪᠠᠶᠢᠴᠠᠭᠠᠯᠲᠠ | ᠳᠤ ᠣᠷᠣᠯᠴᠠᠵᠠᠢ ᠃ | | | | ᠸᠧᠢ ᠪᠢᠯᠢᠭ ᠴᠠᠩᠫᠢᠩ ᠲᠣᠭᠤᠷᠢᠭ— ᠠᠷᠤ ᠬᠤᠷᠴᠢᠨ ᠬᠤᠰᠢᠭᠤᠨ ᠤ ᠠᠵᠢᠯ ᠲᠦᠷᠦᠯ ᠢᠶᠠᠷ | ᠬᠠᠪᠰᠤᠷᠤᠨ ᠲᠡᠳᠬᠦᠬᠦ ᠠᠵᠢᠯ ᠤᠨ ᠬᠠᠮᠲᠤᠷᠠᠭᠰᠠᠨ ᠬᠤᠷᠠᠯ ᠢ ᠡᠷᠬᠢᠯᠡᠨ ᠬᠤᠷᠠᠯᠳᠤᠭᠤᠯᠪᠠ ᠃ | | | | ᠬᠤᠷᠠᠯ ᠳᠤ᠂ ᠭᠦᠸᠧ ᠴᠢᠩ ᠶᠣᠣ ᠠᠵᠢᠯ ᠲᠦᠷᠦᠯ ᠢᠶᠠᠷ ᠬᠠᠪᠰᠤᠷᠤᠨ ᠲᠡᠳᠬᠦᠬᠦ ᠠᠵᠢᠯ ᠢ | ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠵᠤ᠂ ᠯᠢ ᠯᠢᠩ ᠢᠤᠢ ᠠᠵᠢᠯ ᠲᠦᠷᠦᠯ ᠢᠶᠠᠷ ᠬᠠᠪᠰᠤᠷᠤᠨ ᠲᠡᠳᠬᠦᠬᠦ | ᠠᠵᠢᠯ ᠤᠨ ᠠᠬᠢᠴᠠ ᠵᠢᠴᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠤᠭᠰᠠᠨ | ᠪᠠᠶᠢᠳᠠᠯ ᠢ ᠲᠠᠨᠢᠯᠴᠠᠭᠤᠯᠪᠠ ᠃ | | | | | ᡁᠢ ᠰᠢᠶᠠᠨ ᠸᠧᠢ᠂ ᠴᠠᠩᠫᠢᠩ ᠲᠣᠭᠤᠷᠢᠭ ᠪᠣᠯᠤᠨ ᠠᠷᠤ ᠬᠤᠷᠴᠢᠨ ᠬᠤᠰᠢᠭᠤ ᠠᠵᠢᠯ ᠲᠦᠷᠦᠯ ᠢᠶᠠᠷ | ᠬᠠᠪᠰᠤᠷᠤᠨ ᠲᠡᠳᠬᠦᠬᠦ ᠬᠠᠷᠢᠴᠠᠭ᠎ᠠ ᠪᠠᠶᠢᠭᠤᠯᠤᠭᠰᠠᠨ ᠠᠴᠠ ᠨᠠᠭᠠᠰᠢ᠂ ᠴᠢᠳᠠᠪᠤᠷᠢᠲᠠᠨ ᠤ ᠰᠣᠯᠢᠯᠴᠠᠭ᠎ᠠ᠂ ᠠᠵᠤ | ᠦᠢᠯᠡᠰ ᠤᠨ ᠬᠠᠮᠲᠤᠷᠠᠯᠴᠠᠭ᠎ᠠ᠂ ᠬᠥᠳᠡᠯᠮᠦᠷᠢ ᠬᠦᠴᠦᠨ ᠤ ᠬᠠᠮᠵᠢᠯᠴᠠᠭ᠎ᠠ ᠵᠡᠷᠭᠡ ᠬᠦᠷᠢᠶᠡᠨ ᠳᠤ ᠢᠯᠡᠳᠲᠡ ᠦᠷ᠎ᠡ | ᠪᠦᠲᠦᠮᠵᠢ ᠤᠯᠪᠠ᠃ ᠬᠤᠶᠠᠷ ᠲᠠᠯ᠎ᠠ ᠪᠠᠷ ᠢᠶᠠᠨ ᠦᠷᠭᠦᠯᠵᠢᠯᠡᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠬᠥᠭᠵᠢᠯ | ᠮᠠᠨᠳᠤᠯ ᠢ ᠠᠬᠢᠭᠤᠯᠬᠤ ᠶᠢ ᠬᠦᠰᠡᠵᠦ ᠪᠠᠶᠢᠨ᠎ᠠ᠃ ᠴᠠᠩᠫᠢᠩ ᠲᠣᠭᠤᠷᠢᠭ ᠪᠠᠯᠠ ᠮᠥᠩᠭᠦ᠂ ᠲᠥᠷᠥᠯ ᠵᠦᠶᠯ ᠪᠣᠯᠤᠨ | ᠺᠠᠳ᠋ᠷ ᠢᠶᠠᠷ ᠬᠠᠪᠰᠤᠷᠤᠨ ᠲᠡᠳᠬᠦᠬᠦ ᠶᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ᠲᠥᠷᠥᠯ ᠵᠦᠶᠯ ᠤᠨ | ᠪᠥᠲᠥᠭᠡᠨ ᠪᠠᠶᠢᠭᠤᠯᠤᠯᠲᠠ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠬᠦᠷᠢᠶᠡᠨ ᠳᠠᠬᠢ ᠬᠠᠪᠰᠤᠷᠤᠨ ᠲᠡᠳᠬᠦᠬᠦ | ᠡᠷᠴᠢᠮ ᠢᠶᠠᠨ ᠴᠢᠩᠭᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ | ᠵᠣᠯᠭᠠᠭᠤᠯᠬᠤ ᠡᠯ᠎ᠡ ᠵᠦᠶᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠠ᠃ ᠴᠠᠩᠫᠢᠩ ᠲᠣᠭᠤᠷᠢᠭ | ᠤᠨ ᠠᠵᠤ ᠠᠬᠤᠶᠢᠯᠠᠯ ᠤᠨ ᠠᠷᠤ ᠬᠤᠷᠴᠢᠨ ᠬᠤᠰᠢᠭᠤᠨ ᠳᠤ ᠪᠠᠯᠠ ᠣᠷᠣᠭᠤᠯᠤᠨ ᠦᠶᠯᠡᠰ ᠪᠤᠰᠬᠠᠬᠤ ᠶᠢ | ᠢᠳᠡᠪᠬᠢᠲᠡᠶ ᠬᠥᠲᠥᠯᠥᠨ ᠵᠢᠯᠣᠭᠤᠳᠴᠤ᠂ ᠠᠵᠤ ᠦᠶᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠦᠷ᠎ᠡ ᠠᠰᠢᠭ ᠢ | ᠨᠡᠮᠡᠭᠳᠡᠭᠦᠯᠬᠦ᠂ ᠲᠠᠰ ᠳᠡᠪᠰᠢᠭᠦᠯᠬᠦ ᠶᠢ ᠠᠬᠢᠭᠤᠯᠬᠤ ᠬᠡᠷᠡᠭᠲᠡᠶ᠃ ᠪᠡᠭᠡᠵᠢᠩ ᠤᠨ ᠬᠡᠷᠡᠭᠯᠡᠭᠡᠨ ᠤ ᠵᠠᠬ᠎ᠠ ᠳᠡᠯᠭᠡᠭᠦᠷ ᠤᠨ | ᠳᠠᠪᠠᠭᠤᠯᠢᠭ ᠲᠤ ᠰᠠᠭᠤᠷᠢᠯᠠᠨ᠂ ᠠᠷᠤ ᠬᠤᠷᠴᠢᠨ ᠬᠤᠰᠢᠭᠤᠨ ᠤ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ | ᠢ ᠪᠡᠭᠡᠵᠢᠩ ᠤᠨ ᠬᠡᠷᠡᠭᠯᠡᠭᠡᠨ ᠤ ᠬᠡᠷᠡᠭᠴᠡᠭᠡ ᠲᠠᠢ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠬᠦ ᠬᠡᠷᠡᠭᠲᠡᠢ᠃ | ᠪᠣᠬᠢᠷᠲᠤᠯ ᠦᠭᠡᠢ ᠡᠨᠧᠷᠭᠢ᠂ ᠰᠣᠶᠣᠯ ᠵᠢᠭᠤᠯᠴᠢᠯᠠᠯ᠂ ᠣᠳᠣᠬᠢᠴᠢᠯᠠᠭᠰᠠᠨ ᠬᠥᠳᠡᠭᠡ ᠠᠵᠤ ᠠᠬᠤᠢ ᠵᠡᠷᠭᠡ ᠲᠠᠯ᠎ᠠ | ᠪᠠᠷ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠣᠯᠢᠯᠴᠠᠭ᠎ᠠ ᠬᠠᠮᠲᠤᠷᠠᠯᠴᠠᠭ᠎ᠠ ᠶᠢᠨ ᠰᠢᠨ᠎ᠡ ᠪᠠᠶᠢᠷᠢᠰᠢᠯ ᠢ | ᠴᠢᠷᠮᠠᠶᠢᠨ ᠪᠠᠶᠢᠭᠤᠯᠵᠤ᠂ ᠬᠤᠶᠠᠷ ᠭᠠᠵᠠᠷ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | | | | ᠶᠠᠩ ᠮᠦ᠂ ᠠᠷᠤ ᠬᠤᠷᠴᠢᠨ ᠬᠤᠰᠢᠭᠤᠨ ᠤ ᠬᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ᠂ ᠤᠨᠴᠠᠯᠢᠬᠳᠤ ᠭᠠᠷ ᠤᠷᠠᠯᠠᠯ ᠤᠨ ᠪᠦᠲᠦᠭᠡᠭᠳᠡᠬᠦᠨ ᠵᠡᠷᠭᠡ ᠲᠤᠰ ᠪᠡᠶ᠎ᠡ ᠶᠢᠨ ᠳᠠᠪᠠᠭᠤᠯᠢᠭ ᠢᠶᠠᠨ | ᠭᠦᠢᠴᠡᠳ ᠪᠠᠳᠠᠷᠠᠭᠤᠯᠵᠤ᠂ ᠬᠤᠶᠠᠷ ᠭᠠᠵᠠᠷ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠂ | ᠴᠢᠳᠠᠪᠤᠷᠢᠲᠠᠨ ᠤ ᠰᠣᠯᠢᠯᠴᠠᠭ᠎ᠠ᠂ ᠰᠣᠶᠣᠯ ᠵᠢᠭᠤᠯᠴᠢᠯᠠᠯ ᠵᠡᠷᠭᠡ ᠬᠦᠷᠢᠶᠡᠨ ᠳᠠᠬᠢ ᠭᠦᠨᠵᠡᠭᠡᠢ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠬᠦ ᠬᠡᠷᠡᠭᠲᠡᠢ ᠃ ᠬᠥᠳᠡᠯᠮᠦᠷᠢ ᠬᠦᠴᠦᠨ ᠤ | ᠬᠠᠮᠵᠢᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠠᠵᠢᠯ ᠲᠥᠷᠥᠯ ᠤᠨ ᠰᠢᠰᠲ᠋ᠧᠮ ᠢᠶᠠᠷ ᠢᠶᠠᠨ | ᠬᠥᠳᠡᠯᠮᠦᠷᠢ ᠬᠦᠴᠦᠨ ᠤ ᠬᠠᠮᠲᠤᠷᠠᠯᠴᠠᠭ᠎ᠠ ᠬᠢᠬᠦ᠂ ᠬᠥᠳᠡᠯᠮᠦᠷᠢ ᠬᠦᠴᠦᠨ ᠤ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ | ᠂ ᠲᠤᠰᠬᠠᠶ ᠡᠯᠰᠡᠨ ᠤᠷᠢᠬᠤ ᠴᠤᠭᠯᠠᠭᠠᠨ ᠡᠷᠭᠢᠯᠡᠬᠦ ᠵᠡᠷᠭᠡ ᠠᠷᠭ᠎ᠠ ᠮᠠᠶ᠋ᠢᠭ ᠢᠶᠠᠷ᠂ ᠠᠷᠤ ᠬᠤᠷᠴᠢᠨ ᠬᠤᠰᠢᠭᠤᠨ ᠤ | ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠲᠣᠭᠲᠠᠭᠤᠨ ᠢᠶᠠᠷ ᠠᠵᠢᠯ ᠤᠯᠬᠤ᠂ ᠣᠷᠣᠯᠭ᠎ᠠ ᠪᠠᠨ | ᠨᠡᠮᠡᠭᠳᠡᠭᠦᠯᠦᠨ ᠪᠠᠶᠠᠵᠢᠬᠤ ᠶᠢ ᠡᠮᠬᠢ ᠵᠢᠷᠤᠮ ᠲᠠᠢ ᠪᠠᠷ ᠳᠥᠯᠭᠢᠨ ᠠᠬᠢᠭᠤᠯᠬᠤ ᠬᠡᠷᠡᠭᠲᠡᠶ᠃ ᠬᠥᠭᠵᠢᠯᠲᠡ ᠶᠢᠨ | ᠬᠦᠷᠦᠯᠴᠡᠬᠦ ᠥᠬᠡᠶ ᠲᠠᠯ᠎ᠠ ᠪᠣᠯᠤᠨ ᠳᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠩᠫᠢᠩ ᠲᠣᠭᠤᠷᠢᠭ | ᠯᠤᠭ᠎ᠠ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠬᠦᠷᠢᠶᠡᠨ ᠳᠤ ᠭᠦᠨᠵᠡᠭᠡᠶ ᠰᠣᠯᠢᠯᠴᠠᠭ᠎ᠠ ᠥᠷᠨᠢᠭᠦᠯᠬᠦ ᠶᠢ | ᠲᠠᠰᠤᠷᠠᠯᠲᠠ ᠥᠬᠡᠶ ᠴᠢᠩᠭᠠᠳᠬᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠨᠠᠩ ᠭᠦᠨ ᠲᠠᠰ | ᠳᠠᠪᠬᠤᠷᠭ᠎ᠠ᠂ ᠨᠠᠩ ᠥᠷᠭᠡᠨ ᠬᠦᠷᠢᠶ᠎ᠡ ᠴᠠᠷᠠᠭ᠎ᠠ᠂ ᠨᠠᠩ ᠥᠨᠳᠥᠷ ᠲᠦᠪᠰᠢᠨ᠂ ᠨᠠᠩ ᠶᠡᠭᠡ ᠦᠷ᠎ᠡ ᠪᠦᠲᠦᠮᠵᠢ ᠳᠠᠰᠢ | ᠠᠭᠢᠬᠤ ᠶᠢ ᠠᠬᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠢᠨ᠎ᠡ ᠬᠠᠭᠤᠳᠠᠰᠤ ᠶᠢ ᠪᠢᠴᠢᠭᠯᠡᠬᠦ | ᠬᠡᠷᠡᠭᠲᠡᠶ ᠭᠡᠵᠦ ᠴᠢᠬᠤᠯᠠᠴᠢᠯᠠᠪᠠ ᠃ | | | | ᠳᠠᠷᠠᠭ᠎ᠠ ᠨᠢ᠂ ᠪᠡᠭᠡᠵᠢᠩ ᠤᠨ ᠬᠤᠸᠠᠩ ᠴᠧᠩ ᠠᠮᠤ ᠲᠣᠰᠣᠨ ᠤ ᠬᠢᠵᠠᠭᠠᠷᠲᠤ ᠺᠣᠮᠫᠠᠨᠢ ᠤᠯᠠᠭᠠᠨᠬᠠᠳᠠ ᠶᠢᠨ | ᠮᠧᠩ ᠲᠢᠶᠠᠨ ᠠᠮᠤ ᠲᠣᠰᠣᠨ ᠤ ᠬᠢᠵᠠᠭᠠᠷᠲᠤ ᠺᠣᠮᠫᠠᠨᠢ ᠶᠢᠨ ᠬᠠᠮᠲᠤᠷᠠᠨ ᠠᠵᠢᠯᠯᠠᠬᠤ ᠭᠡᠷ᠎ᠡ ᠲᠣᠭᠲᠠᠬᠤ ᠶᠣᠰᠣᠯᠠᠯ | ᠶᠠᠪᠤᠭᠤᠯᠪᠠ ᠃ ᡁᠢ ᠰᠢᠶᠠᠨ ᠸᠧᠶ ᠠᠷᠤ ᠬᠤᠷᠴᠢᠨ ᠬᠤᠰᠢᠭᠤᠨ ᠳᠤ ᠬᠠᠨᠳᠢᠪ ᠤᠨ ᠫᠠᠶᠢᠰᠠ ᠬᠦᠷᠭᠡᠪᠡ ᠃ | | | | ᠬᠤᠷᠠᠯ ᠤᠨ ᠳᠠᠷᠠᠭ᠎ᠠ᠂ ᠪᠠᠶᠢᠴᠠᠭᠠᠯᠳᠠ ᠶᠢᠨ ᠪᠦᠯᠬᠦᠮ ᠤᠨ ᠬᠢᠨ ᠤᠷᠢᠳ ᠬᠤᠵᠢᠳ ᠬᠤᠨᠳᠤ ᠪᠠᠯᠭᠠᠰᠤᠨ | ᠤ ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠤᠨ ᠦᠶᠯᠡᠳᠪᠦᠷᠢ᠂ ᠰᠢᠨ ᠮᠢᠨ ᠰᠢᠶᠠᠩ ᠤᠨ ᠠᠯᠠᠰᠢᠨ ᠦᠬᠡᠷ | ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠲᠥᠷᠥᠯ ᠵᠦᠶᠯ ᠤᠨ ᠰᠠᠭᠤᠷᠢᠨ ᠪᠣᠯᠤᠨ ᠴᠢᠪᠠᠭ᠎ᠠ ᠪᠠᠯᠭᠠᠰᠤᠨ ᠤ | ᠡᠮᠦᠨ᠎ᠡ ᠭᠠᠩᠭᠠᠲᠠᠢ ᠲᠣᠰᠬᠤᠨ ᠳᠤ ᠬᠦᠷᠴᠦ᠂ ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠤᠨ ᠦᠶᠯᠡᠳᠪᠦᠷᠢ | ᠶᠢᠨ ᠦᠶᠯᠡᠳᠪᠦᠷᠢᠯᠡᠯ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠲᠥᠷᠥᠯ ᠵᠦᠶᠯ ᠤᠨ | ᠪᠥᠲᠥᠭᠡᠨ ᠪᠠᠶᠢᠭᠤᠯᠤᠯᠲᠠ ᠶᠢᠨ ᠡᠵᠡᠩᠨᠡᠯᠲᠡ᠂ ᠡᠮᠦᠨ᠎ᠡ ᠭᠠᠩᠭᠠᠲᠠᠢ ᠲᠣᠰᠬᠤᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠵᠢᠴᠢ ᠴᠠᠩᠫᠢᠩ | ᠲᠣᠭᠤᠷᠢᠭ ᠤᠨ ᠬᠠᠪᠰᠤᠷᠤᠨ ᠲᠡᠳᠬᠦᠬᠦ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠶ | ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ ᠃ ︵ᠳ᠋ᠦᠩ ᠶᠤᠤ ᠶᠤᠤ︶ | |