ᠭᠠᠵᠠᠷ ᠠᠰᠢᠭᠯᠠᠬᠤ ᠡᠷᠬᠡ ᠶᠢᠨ ᠳᠠᠩᠰᠠᠯᠠᠯᠲᠠ
ᠨᠡᠶᠢᠲᠡᠯᠡᠭᠰᠡᠨ ᠴᠠᠭ᠄
2021/12/13
ᠬᠦᠯᠢᠶᠡᠨ ᠰᠢᠢᠳᠪᠦᠷᠢᠯᠡᠬᠦ ᠨᠥᠬᠦᠴᠡᠯ        1. ᠭᠤᠶᠤᠴᠢᠯᠠᠭᠰᠠᠨ ᠵᠦᠢᠯ ᠨᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ᠃        2. ᠭᠤᠶᠤᠴᠢᠯᠠᠭᠴᠢ ᠶᠢᠨ ᠲᠤᠰᠢᠶᠠᠭᠰᠠᠨ ᠭᠤᠶᠤᠴᠢᠯᠠᠯ ᠤᠨ ᠮᠠᠲ᠋ᠧᠷᠢᠶᠠᠯ ᠨᠢ ᠬᠠᠤᠯᠢ ᠳᠤ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠨ᠎ᠡ᠃        3. ᠭᠤᠶᠤᠴᠢᠯᠠᠭᠴᠢ ᠵᠠᠰᠠᠭ ᠵᠠᠬᠢᠷᠭᠠᠨ ᠤ ᠨᠤᠲᠠᠯᠠᠯᠲᠠ ᠶᠢ ᠭᠦᠢᠴᠡᠳᠬᠡᠬᠦ ᠳᠤ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠱᠠᠭᠠᠷᠳᠠᠯᠭ᠎ᠠ ᠶᠣᠰᠣᠭᠠᠷ ᠨᠢᠭᠡ ᠤᠳᠠᠭ᠎ᠠ ᠶᠢᠨ ᠴᠢᠨᠠᠷᠲᠠᠢ ᠮᠡᠳᠡᠭᠳᠡᠬᠦ ᠮᠠᠲ᠋ᠧᠷᠢᠶᠠᠯ ᠢ ᠪᠦᠷᠢᠨ ᠭᠦᠢᠴᠡᠳ ᠬᠠᠩᠭᠠᠭᠰᠠᠨ ᠪᠤᠶᠤ ᠪᠦᠷᠢᠨ ᠭᠦᠢᠴᠡᠳ ᠨᠥᠬᠦᠪᠦᠷᠢᠯᠡᠭᠰᠡᠨ᠃ᠲᠣᠭᠲᠠᠭᠠᠭᠰᠠᠨ ᠦᠨᠳᠦᠰᠦᠯᠡᠯ        ︽ᠪᠣᠳᠠᠰ ᠤᠨ ᠡᠷᠬᠡ ᠶᠢᠨ ᠬᠠᠤᠯᠢ︾ ᠶᠢᠨ ᠠᠷᠪᠠᠳᠤᠭᠠᠷ ᠵᠤᠷᠪᠤᠰ ᠲᠤ᠂ ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ ᠶᠢ ᠦᠯᠦ ᠬᠥᠳᠡᠯᠬᠦ ᠬᠦᠷᠦᠩᠭᠡ ᠶᠢᠨ ᠪᠠᠶᠢᠭ᠎ᠠ ᠭᠠᠵᠠᠷ ᠤᠨ ᠳᠠᠩᠰᠠᠯᠠᠬᠤ ᠪᠠᠶᠢᠭᠤᠯᠤᠮᠵᠢ ᠠᠴᠠ ᠭᠦᠢᠴᠡᠳᠬᠡᠨ᠎ᠡ᠃ ᠤᠯᠤᠰ ᠠᠴᠠ ᠦᠯᠦ ᠬᠥᠳᠡᠯᠬᠦ ᠬᠦᠷᠦᠩᠭᠡ ᠳᠤ ᠨᠢᠭᠡᠳᠦᠯᠲᠡᠶ ᠳᠠᠩᠰᠠᠯᠠᠬᠤ ᠲᠦᠷᠢᠮ ᠢ ᠬᠡᠷᠡᠭᠵᠢᠭᠦᠯᠦᠨ᠎ᠡ᠃ ᠨᠢᠭᠡᠳᠦᠯᠲᠡᠶ ᠳᠠᠩᠰᠠᠯᠠᠬᠤ ᠬᠦᠷᠢᠶ᠎ᠡ ᠬᠡᠪᠴᠢᠶ᠎ᠡ᠂ ᠳᠠᠩᠰᠠᠯᠠᠬᠤ ᠪᠠᠶᠢᠭᠤᠯᠤᠮᠵᠢ ᠪᠠ ᠳᠠᠩᠰᠠᠯᠠᠬᠤ ᠠᠷᠭ᠎ᠠ ᠶᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠨ᠎ᠠ᠃        ︽ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠦᠷ ᠬᠡᠷᠡᠭᠵᠢᠭᠦᠯᠬᠦ ᠲᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 656 ᠳ᠋ᠤᠭᠠᠷ ᠲᠣᠭᠠᠲᠤ︶ ᠤᠨ ᠭᠤᠷᠪᠠᠳᠤᠭᠠᠷ ᠵᠤᠷᠪᠤᠰ ᠲᠤ᠂ ᠥᠯᠥ ᠬᠥᠳᠡᠯᠬᠦ ᠬᠥᠷᠥᠩᠭᠡ ᠶᠢ ᠠᠩᠬ᠎ᠠ ᠤᠳᠠᠭ᠎ᠠ ᠳᠠᠩᠰᠠᠯᠠᠬᠤ᠂ ᠬᠤᠪᠢᠷᠠᠭᠤᠯᠬᠤ ᠳᠡᠩᠰᠡᠯᠡᠯᠲᠡ᠂ ᠰᠢᠯᠵᠢᠭᠦᠯᠬᠦ ᠳᠡᠩᠰᠡᠯᠡᠯᠲᠡ᠂ ᠬᠦᠴᠦᠨ ᠥᠬᠡᠶ ᠪᠣᠯᠭᠠᠬᠤ ᠳᠡᠩᠰᠡᠯᠡᠯᠲᠡ᠂ ᠵᠠᠯᠠᠷᠠᠭᠤᠯᠬᠤ ᠳᠡᠩᠰᠡᠯᠡᠯᠲᠡ᠂ ᠣᠨᠳᠣᠤ ᠰᠠᠨᠠᠯ ᠤᠨ ᠳᠡᠩᠰᠡᠯᠡᠯᠲᠡ᠂ ᠤᠷᠢᠳᠴᠢᠯᠠᠨ ᠮᠡᠳᠡᠭᠳᠡᠬᠦ ᠳᠡᠩᠰᠡᠯᠡᠯᠲᠡ᠂ ᠪᠠᠶᠢᠴᠠᠭᠠᠨ ᠪᠢᠲᠡᠭᠦᠮᠵᠢᠯᠡᠬᠦ ᠳᠡᠩᠰᠡᠯᠡᠯᠲᠡ ᠵᠡᠷᠭᠡ ᠳᠤ ᠲᠣᠰ ᠲᠦᠷᠢᠮ ᠢ ᠬᠡᠷᠡᠭᠯᠡᠨ᠎ᠡ︔ ᠳᠥᠷᠪᠡᠳᠦᠭᠡᠷ ᠵᠤᠷᠪᠤᠰ ᠲᠤ᠂ ᠤᠯᠤᠰ ᠠᠴᠠ ᠦᠯᠦ ᠬᠥᠳᠡᠯᠬᠦ ᠬᠦᠷᠦᠩᠭᠡ ᠶᠢ ᠨᠢᠭᠡᠳᠦᠯᠲᠡᠶ ᠳᠠᠩᠰᠠᠯᠠᠬᠤ ᠲᠦᠷᠢᠮ ᠢ ᠬᠡᠷᠡᠭᠵᠢᠭᠦᠯᠦᠨ᠎ᠡ︔ ᠵᠢᠷᠭᠤᠳᠤᠭᠠᠷ ᠵᠤᠷᠪᠤᠰ ᠲᠤ᠂ ᠲᠦᠷᠦ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠨᠤᠲᠤᠭ ᠳᠡᠪᠢᠰᠬᠡᠷ ᠡᠬᠢ ᠪᠠᠶᠠᠯᠢᠭ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠦᠬᠦ ᠤᠯᠤᠰ ᠤᠨ ᠦᠯᠦ ᠬᠥᠳᠡᠯᠬᠦ ᠬᠦᠷᠦᠩᠭᠡ ᠶᠢ ᠳᠠᠩᠰᠠᠯᠠᠬᠤ ᠠᠵᠢᠯ ᠢ ᠵᠢᠯᠣᠭᠤᠳᠴᠤ᠂ ᠬᠢᠨᠠᠯᠲᠠ ᠲᠠᠯᠪᠢᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢᠭᠡ ᠰᠠᠯᠠᠭ᠎ᠠ ᠮᠥᠴᠢᠷ ᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠦᠯᠦ ᠬᠥᠳᠡᠯᠬᠦ ᠬᠦᠷᠦᠩᠭᠡ ᠶᠢ ᠳᠠᠩᠰᠠᠯᠠᠬᠤ ᠪᠠᠶᠢᠭᠤᠯᠤᠮᠵᠢ ᠪᠠᠷ ᠲᠣᠭᠲᠠᠭᠠᠵᠤ᠂ ᠦᠯᠦ ᠬᠥᠳᠡᠯᠬᠦ ᠬᠦᠷᠦᠩᠭᠡ ᠶᠢ ᠳᠠᠩᠰᠠᠯᠠᠬᠤ ᠠᠵᠢᠯ ᠢ ᠬᠠᠷᠢᠭᠤᠴᠠᠭᠤᠯᠬᠤ ᠶᠢᠨ ᠬᠠᠮᠲᠤ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ ᠦᠯᠦ ᠬᠥᠳᠡᠯᠬᠦ ᠬᠦᠷᠦᠩᠭᠡ ᠶᠢ ᠳᠠᠩᠰᠠᠯᠠᠬᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠵᠢᠯᠤᠭᠤᠳᠤᠯᠭ᠎ᠠ᠂ ᠬᠢᠨᠠᠯᠲᠠ ᠶᠢ ᠬᠦᠯᠢᠶᠡᠬᠦ ᠬᠡᠷᠡᠭᠲᠡᠶ︔ ᠲᠠᠪᠤᠳᠤᠭᠠᠷ ᠵᠤᠷᠪᠤᠰ ᠲᠤ᠂ ᠳᠣᠣᠷ᠎ᠠ ᠵᠢᠭᠰᠠᠭᠠᠭᠰᠠᠨ ᠦᠯᠦ ᠬᠥᠳᠡᠯᠬᠦ ᠬᠦᠷᠦᠩᠭᠡ ᠶᠢᠨ ᠡᠷᠬᠡ ᠶᠢ ᠲᠤᠰ ᠲᠦᠷᠢᠮ ᠤᠨ ᠲᠣᠭᠲᠠᠭᠠᠯ ᠶᠣᠰᠣᠭᠠᠷ ᠳᠠᠩᠰᠠᠯᠠᠭᠤᠯᠤᠨ᠎ᠠ᠄ ︵ᠨᠢᠭᠡ︶ ᠬᠠᠮᠲᠤ ᠶᠢᠨ ᠭᠠᠵᠠᠷ ᠰᠢᠷᠣᠶ ᠶᠢᠨ ᠥᠮᠴᠢᠯᠡᠯ ᠤᠨ ᠡᠷᠬᠡ︔ ︵ᠬᠤᠶᠠᠷ︶ ᠭᠡᠷ ᠪᠠᠶᠢᠰᠢᠩ ᠵᠡᠷᠭᠡ ᠪᠠᠷᠢᠯᠭ᠎ᠠ᠂ ᠪᠠᠷᠢᠯᠭ᠎ᠠ ᠶᠢᠨ ᠵᠦᠢᠯ ᠢ ᠥᠮᠴᠢᠯᠡᠬᠦ ᠡᠷᠬᠡ᠃ ︵ᠭᠤᠷᠪᠠ︶ ᠤᠢ ᠰᠢᠭᠤᠶ᠂ ᠤᠢ ᠮᠣᠳᠣ ᠶᠢ ᠥᠮᠴᠢᠯᠡᠬᠦ ᠡᠷᠬᠡ︔ ︵ᠲᠦᠷᠪᠡ︶ ᠲᠠᠷᠢᠶᠠᠨ ᠭᠠᠵᠠᠷ᠂ ᠣᠶᠢᠲᠤ ᠭᠠᠵᠠᠷ᠂ ᠡᠪᠡᠰᠦᠲᠦ ᠭᠠᠵᠠᠷ ᠵᠡᠷᠭᠡ ᠶᠢᠨ ᠭᠠᠵᠠᠷ ᠰᠢᠷᠣᠶ ᠶᠢ ᠳᠠᠭᠠᠭᠠᠴᠢᠯᠠᠨ ᠡᠵᠡᠩᠨᠡᠬᠦ ᠡᠷᠬᠡ︔ ︵ᠲᠠᠪᠤ︶ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ︔ ︵ᠵᠢᠷᠭᠤᠭ᠎ᠠ︶ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ︔ ︵ᠲᠤᠯᠤᠭ᠎ᠠ︶ ᠲᠡᠯᠡᠢ ᠶᠢᠨ ᠣᠷᠣᠨ ᠢ ᠬᠡᠷᠡᠭᠯᠡᠬᠦ ᠡᠷᠬᠡ︔ ︵ᠨᠠᠢᠮᠠ︶ ᠭᠠᠵᠠᠷ ᠠᠰᠢᠭᠯᠠᠬᠤ ᠡᠷᠬᠡ︔ ︵ᠶᠢᠰᠦ︶ ᠪᠠᠷᠢᠴᠠᠭᠠᠯᠠᠬᠤ ᠡᠷᠬᠡ︔ ︵ᠠᠷᠪᠠ︶ ᠬᠠᠤᠯᠢ ᠴᠠᠭᠠᠵᠠ ᠳᠤ ᠳᠠᠩᠰᠠᠯᠠᠭᠤᠯᠬᠤ ᠴᠢᠬᠤᠯᠠᠲᠠᠶ ᠭᠡᠵᠦ ᠲᠣᠭᠲᠠᠭᠠᠭᠰᠠᠨ ᠪᠤᠰᠤᠳ ᠦᠯᠦ ᠬᠥᠳᠡᠯᠬᠦ ᠬᠦᠷᠦᠩᠭᠡ ᠶᠢᠨ ᠡᠷᠬᠡ᠃ ᠳᠣᠯᠣᠳᠤᠭᠠᠷ ᠵᠤᠷᠪᠤᠰ ᠲᠤ᠂ ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ ᠶᠢ ᠦᠯᠦ ᠬᠥᠳᠡᠯᠬᠦ ᠬᠦᠷᠦᠩᠭᠡ ᠶᠢᠨ ᠪᠠᠶᠢᠭ᠎ᠠ ᠭᠠᠵᠠᠷ ᠤᠨ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠦᠯᠦ ᠬᠥᠳᠡᠯᠬᠦ ᠬᠦᠷᠦᠩᠭᠡ ᠶᠢ ᠳᠠᠩᠰᠠᠯᠠᠬᠤ ᠪᠠᠶᠢᠭᠤᠯᠤᠮᠵᠢ ᠠᠴᠠ ᠭᠦᠢᠴᠡᠳᠬᠡᠨ᠎ᠡ᠃ ᠰᠢᠭᠤᠳ ᠬᠠᠷᠢᠶ᠎ᠠ ᠬᠤᠲᠠ᠂ ᠨᠡᠶᠢᠭᠡᠮ ᠲᠣᠭᠤᠷᠢᠭ ᠤᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠤᠰ ᠱᠠᠲᠤᠨ ᠤ ᠦᠯᠦ ᠬᠥᠳᠡᠯᠬᠦ ᠬᠦᠷᠦᠩᠭᠡ ᠶᠢ ᠳᠠᠩᠰᠠᠯᠠᠬᠤ ᠪᠠᠶᠢᠭᠤᠯᠤᠮᠵᠢ ᠪᠠᠷ ᠬᠠᠷᠢᠶ᠎ᠠ ᠲᠣᠭᠤᠷᠢᠭ ᠤᠨ ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ ᠶᠢ ᠨᠢᠭᠡᠳᠦᠯᠲᠡᠶ ᠬᠢᠯᠭᠡᠬᠦ ᠪᠠᠷ ᠲᠣᠭᠲᠠᠭᠠᠵᠤ ᠪᠣᠯᠤᠨ᠎ᠠ᠃        ︽ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ ᠶᠢᠨ ᠲᠦᠷ ᠬᠡᠷᠡᠭᠵᠢᠭᠦᠯᠬᠦ ᠲᠦᠷᠢᠮ ᠢ ᠬᠡᠷᠡᠭᠵᠢᠭᠦᠯᠬᠦ ᠨᠠᠷᠢᠨ ᠲᠦᠷᠢᠮ︾ ︵ᠤᠯᠤᠰ ᠤᠨ ᠨᠤᠲᠤᠭ ᠳᠡᠪᠢᠰᠬᠡᠷ ᠡᠬᠢ ᠪᠠᠶᠠᠯᠢᠭ ᠤᠨ ᠶᠠᠮᠤᠨ ᠤ ᠵᠠᠷᠯᠢᠭ 63 ᠳ᠋ᠤᠭᠠᠷ ᠲᠣᠭᠠᠲᠤ︶        ︽ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠠᠵᠢᠯᠯᠠᠭᠠᠨ ᠤ ᠳᠦᠷᠢᠮᠵᠢᠯ ︵ᠲᠤᠷᠰᠢᠨ ᠬᠡᠷᠡᠭᠵᠢᠭᠦᠯᠬᠦ︶︾ ︵ᠤᠯᠤᠰ ᠤᠨ ᠨᠤᠲᠤᠭ ᠳᠡᠪᠢᠰᠬᠡᠷ ᠡᠬᠢ ᠪᠠᠶᠠᠯᠢᠭ ᠬᠠᠤᠯᠢ ᠲᠣᠭᠲᠠᠭᠠᠯ ︹ 2016 ︺ 6 ᠳ᠋ᠤᠭᠠᠷ ᠲᠣᠭᠠᠲᠤ︶ ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠬᠠᠨ ᠯᠢᠨ ᠪᠠᠷᠠᠭᠤᠨ ᠵᠡᠭᠡᠯᠢ᠂ ᠵᠠᠮ ᠤᠨ ᠵᠡᠭᠦᠨ ᠬᠡᠰᠡᠭ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠤᠨ ᠬᠤᠶᠠᠳᠤᠭᠠᠷ ᠳᠠᠪᠬᠤᠷᠭ᠎ᠠ ᠶᠢᠨ ᠶᠡᠭᠡ ᠲᠢᠩᠬᠢᠮ ᠤᠨ 4 ᠳ᠋ᠦ᠋ᠭᠡᠷ ᠴᠣᠩᠬᠤ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ ᠨᠢᠭᠡᠳᠦᠭᠡᠷ ᠵᠠᠮ ᠤᠨ ᠨᠡᠶᠢᠲᠡ ᠶᠢᠨ ᠮᠠᠰᠢᠨ ᠳᠤ ᠰᠠᠭᠤᠵᠤ ᠰᠢᠨ᠎ᠡ ᠬᠤᠲᠠ ᠬᠤᠳᠠᠯᠳᠤᠭᠠᠨ ᠤ ᠠᠰᠠᠷ ᠤᠨ ᠥᠷᠲᠡᠭᠡᠨ ᠳᠤ ᠪᠠᠭᠤᠨ᠎ᠠ᠃ ᠭᠤᠷᠪᠠᠳᠤᠭᠠᠷ ᠵᠠᠮ ᠤᠨ ᠨᠡᠶᠢᠲᠡ ᠶᠢᠨ ᠮᠠᠰᠢᠨ ᠳᠤ ᠰᠠᠭᠤᠵᠤ ᠷᠦᠨ ᠸᠠᠨ ᠵᠢᠶᠠ ᠬᠡᠲᠦ ᠳᠡᠯᠭᠡᠭᠦᠷ ᠤᠨ ᠥᠷᠲᠡᠭᠡᠨ ᠳᠤ ᠪᠠᠭᠤᠨ᠎ᠠ᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠰᠢᠯᠵᠢᠭᠦᠯᠦᠨ ᠣᠷᠴᠢᠭᠤᠯᠪᠠ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw.nmg.gov.cn/handle_affairs_detail?item_detail_id=ff80808178c8bdf00178ed3f0d3e71c2®ionCode=150421000000&highlight=personal&record=istrue
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号