ᠬᠦᠯᠢᠶᠡᠨ ᠰᠢᠢᠳᠪᠦᠷᠢᠯᠡᠬᠦ ᠨᠥᠬᠦᠴᠡᠯ | ︵ᠨᠢᠭᠡ︶ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠳᠤ ᠰᠠᠭᠤᠭ᠎ᠠ ᠬᠡᠷ ᠤᠨ ᠠᠮᠢᠳᠤᠷᠠᠯ ᠬᠦᠴᠢᠷᠳᠡᠯᠲᠡᠶ | ᠰᠣᠷᠣᠭᠴᠢ ᠶᠢᠨ ᠠᠮᠢᠳᠤᠷᠠᠯ ᠤᠨ ᠲᠤᠰᠠᠯᠠᠮᠵᠢ ᠶᠢᠨ ᠵᠠᠷᠤᠳᠠᠯ᠄ | ᠬᠤᠰᠢᠭᠤ ︵ᠰᠢᠶᠠᠨ᠂ ᠬᠤᠲᠠ︶ ᠶᠢᠨ ᠪᠠᠶᠢᠭ᠎ᠠ ᠭᠠᠵᠠᠷ ᠪᠤᠶᠤ ᠰᠤᠮᠤ ︵ᠰᠢᠶᠠᠩ᠂ ᠪᠠᠯᠭᠠᠰᠤ︶ ᠶᠢᠨ | ᠠᠯᠪᠠᠨ ᠠᠴᠠ ᠡᠷᠭᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠰᠤᠷᠤᠯᠴᠠᠵᠤ ᠪᠠᠶᠢᠭ᠎ᠠ | ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯᠲᠡᠶ ᠪᠠᠶᠢᠷᠢᠯᠠᠬᠤ ᠳᠦᠷᠢᠮᠲᠦ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠲᠤ ᠨᠥᠬᠦᠪᠥᠷᠢ ᠥᠭᠴᠦ᠂ ᠪᠠᠶᠢᠷᠢ ᠳᠤ ᠰᠠᠭᠤᠭ᠎ᠠ ᠶᠠᠳᠠᠭᠤ ᠬᠦᠴᠢᠷᠳᠡᠯᠲᠡᠶ | ᠰᠤᠷᠤᠭᠴᠢᠳ ᠤᠨ ᠬᠤᠭᠤᠯᠠᠨ ᠤ ᠵᠠᠷᠤᠳᠠᠯ ᠤᠨ ᠨᠥᠬᠦᠪᠥᠷᠢ ᠳᠤ ᠲᠤᠰᠬᠠᠶ ᠬᠡᠷᠡᠭᠯᠡᠨ᠎ᠡ᠃ ᠪᠠᠭ᠎ᠠ ᠰᠤᠷᠭᠠᠭᠤᠯᠢ ᠶᠢᠨ | ᠰᠤᠷᠤᠭᠴᠢ ᠳᠤ ᠪᠦᠷᠢ ᠳᠤ ᠵᠢᠯ ᠳᠤ 1000 ᠲᠥᠭᠦᠷᠢᠭ᠂ ᠠᠩᠬ᠎ᠠ ᠳᠤᠮᠳᠠᠳᠤ ᠶᠢᠨ ᠰᠤᠷᠤᠭᠴᠢ ᠪᠦᠷᠢ ᠳᠤ ᠵᠢᠯ ᠳᠤ | 1250 ᠲᠥᠭᠦᠷᠢᠭ ᠥᠭᠭᠦᠨ᠎ᠡ᠃ ︵ᠣᠨᠴᠠᠭᠠᠶ ᠰᠤᠷᠭᠠᠨ ᠬᠥᠮᠦᠵᠢᠯ ᠬᠦᠷᠲᠡᠵᠦ ᠪᠠᠶᠢᠭ᠎ᠠ ᠰᠣᠷᠣᠭᠴᠢ ᠳᠤ ᠠᠩᠬ᠎ᠠ | ᠳᠤᠮᠳᠠᠳᠤ ᠶᠢᠨ ᠰᠣᠷᠣᠭᠴᠢ ᠶᠢᠨ ᠪᠠᠷᠢᠮᠵᠢᠶ᠎ᠠ ᠪᠠᠷ ᠬᠦᠷᠲᠡᠭᠡᠨ᠎ᠡ︶ | ︵ᠬᠤᠶᠠᠷ︶ ᠳᠤᠮᠳᠠᠳᠤ ᠪᠠᠭ᠎ᠠ ᠰᠤᠷᠭᠠᠭᠤᠯᠢ ᠶᠢᠨ ᠮᠣᠩᠭᠤᠯ ᠢᠶᠠᠷ ᠬᠢᠴᠢᠶᠡᠯᠯᠡᠬᠦ ᠪᠠᠶᠢᠷᠢ ᠳᠤ ᠰᠠᠭᠤᠭ᠎ᠠ | ᠰᠣᠷᠣᠭᠴᠢ ᠶᠢᠨ ᠠᠮᠢᠳᠤᠷᠠᠯ ᠤᠨ ᠲᠤᠰᠠᠯᠠᠮᠵᠢ ᠶᠢᠨ ᠵᠠᠷᠤᠳᠠᠯ᠄ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠳᠤᠮᠳᠠᠳᠤ ᠪᠠᠭ᠎ᠠ ᠰᠤᠷᠭᠠᠭᠤᠯᠢ ᠶᠢᠨ | ᠮᠣᠩᠭᠤᠯ ᠢᠶᠠᠷ ᠬᠢᠴᠢᠶᠡᠯᠯᠡᠬᠦ ᠪᠠᠶᠢᠷᠢᠯᠠᠬᠤ ᠳᠦᠷᠢᠮᠲᠦ ᠰᠣᠷᠣᠭᠴᠢ ᠳᠤ ᠨᠥᠬᠦᠪᠥᠷᠢ ᠥᠭᠴᠦ᠂ ᠨᠥᠬᠦᠪᠥᠷᠢ ᠶᠢᠨ ᠪᠠᠯᠠ | ᠮᠥᠩᠭᠦ ᠶᠢ ᠪᠠᠶᠢᠷᠢ ᠳᠤ ᠰᠠᠭᠤᠬᠤ ᠰᠣᠷᠣᠭᠴᠢ ᠶᠢᠨ ᠬᠤᠭᠤᠯᠠᠨ ᠤ ᠵᠠᠷᠤᠳᠠᠯ ᠤᠨ ᠨᠥᠬᠦᠪᠥᠷᠢ ᠳᠤ ᠲᠤᠰᠬᠠᠶ ᠬᠡᠷᠡᠭᠯᠡᠨ᠎ᠡ | ᠃ ᠮᠣᠩᠭᠤᠯ ᠢᠶᠠᠷ ᠬᠢᠴᠢᠶᠡᠯᠯᠡᠬᠦ ᠪᠠᠭ᠎ᠠ ᠰᠤᠷᠭᠠᠭᠤᠯᠢ ᠶᠢᠨ ᠰᠣᠷᠣᠭᠴᠢ ᠨᠢᠭᠡᠪᠦᠷᠢ ᠵᠢᠯ ᠳᠤ 1350 ᠲᠥᠭᠦᠷᠢᠭ᠂ | ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠨᠢᠭᠡᠪᠦᠷᠢ ᠵᠢᠯ ᠳᠤ 1620 ᠲᠥᠭᠦᠷᠢᠭ ᠥᠭᠬᠦ | ᠪᠣᠯᠤᠨ᠎ᠠ᠃ ᠥᠪᠥᠷ ᠮᠣᠩᠭᠤᠯ ᠤᠨ ᠡᠷᠦᠬᠡ ᠠᠮᠠ ᠶᠢᠨ ᠳᠠᠩᠰᠠ ᠲᠠᠢ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠬᠤᠤᠰ ᠬᠡᠯᠡ ᠪᠠᠷ ᠬᠢᠴᠢᠶᠡᠯᠯᠡᠬᠦ ᠵᠢᠩᠬᠢᠨᠢ ᠰᠤᠷᠭᠠᠭᠤᠯᠢ ᠶᠢᠨ ᠬᠠᠷᠢᠶᠠᠯᠠᠯ ᠲᠠᠢ ᠨᠢᠭᠡᠳᠦᠭᠡᠷ᠂ | ᠬᠤᠶᠠᠳᠤᠭᠠᠷ᠂ ᠭᠤᠷᠪᠠᠳᠤᠭᠠᠷ ᠣᠨ ᠤ ᠰᠤᠷᠭᠠᠭᠤᠯᠢ ᠳᠤ ᠪᠠᠶᠢᠭ᠎ᠠ ᠪᠠᠶᠢᠷᠢ ᠳᠤ ᠰᠠᠭᠤᠬᠤ ᠰᠣᠷᠣᠭᠴᠢ ᠳᠤ ᠪᠠᠶᠢᠷᠢ ᠳᠤ | ᠰᠠᠭᠤᠬᠤ ᠰᠣᠷᠣᠭᠴᠢ ᠶᠢᠨ ᠠᠮᠢᠳᠤᠷᠠᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ | ᠰᠣᠷᠣᠭᠴᠢ ᠨᠢᠭᠡᠪᠦᠷᠢ ᠳᠤ ᠵᠢᠯ ᠪᠦᠷᠢ 1890 ᠲᠥᠭᠦᠷᠢᠭ ᠣᠯᠭᠤᠨ᠎ᠠ᠃ | | ᠲᠣᠭᠲᠠᠭᠠᠭᠰᠠᠨ ᠦᠨᠳᠦᠰᠦᠯᠡᠯ | 【 ᠬᠠᠤᠯᠢ ᠴᠠᠭᠠᠵᠠ ᠠᠴᠠ ᠪᠤᠰᠤᠳ ᠲᠣᠭᠲᠠᠭᠠᠯ 】 ︽ᠰᠢᠯᠢ ᠶᠢᠨ ᠭᠤᠣᠯ ᠠᠶᠢᠮᠠᠭ ᠤᠨ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠯᠭ᠎ᠠ ᠲᠡᠳᠬᠦᠬᠦ ᠬᠠᠮᠢᠶᠠᠷᠤᠯᠲᠠ ᠶᠢᠨ ᠠᠷᠭ᠎ᠠ︾ ︵ᠰᠢᠯᠢ | ᠵᠠᠬᠢᠷᠭ᠎ᠠ ᠲᠠᠷᠬᠠᠭᠠᠭᠰᠠᠨ ﹇2011﹈ 66 ᠳ᠋ᠤᠭᠠᠷ ᠲᠣᠭᠠᠲᠤ︶ ᠶᠢᠨ ᠨᠢᠭᠡᠳᠦᠭᠡᠷ ᠵᠤᠷᠪᠤᠰ ᠲᠤ᠂ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠬᠦ ᠶᠢᠨ ᠲᠥᠯᠥᠭᠡ᠂ ᠣᠲᠣ ᠶᠢᠨ ᠬᠡᠷᠡᠭᠵᠢᠭᠦᠯᠵᠦ ᠪᠠᠶᠢᠭ᠎ᠠ ᠤᠯᠤᠰ᠂ ᠥᠪᠡᠷᠲᠡᠭᠡᠨ ᠵᠠᠰᠠᠬᠤ ᠣᠷᠣᠨ ᠤ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠯᠠ ᠵᠠᠷᠤᠳᠠᠯ᠂ ᠨᠣᠮ ᠤᠨ ᠵᠠᠷᠤᠳᠠᠯ᠂ ᠬᠤᠨᠤᠭ ᠤᠨ ᠵᠠᠷᠤᠳᠠᠯ ᠢ | ᠭᠡᠯᠳᠦᠷᠢᠭᠦᠯᠵᠦ᠂ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠪᠠᠶᠢᠷᠢ ᠳᠤ ᠰᠠᠭᠤᠬᠤ ᠰᠣᠷᠣᠭᠴᠢ ᠶᠢᠨ | ᠠᠮᠢᠳᠤᠷᠠᠯ ᠤᠨ ᠵᠠᠷᠤᠳᠠᠯ ᠢ ᠨᠥᠬᠦᠪᠥᠷᠢᠯᠡᠭᠰᠡᠨ ᠰᠠᠭᠤᠷᠢᠨ ᠳᠡᠭᠡᠷ᠎ᠡ᠂ ᠮᠠᠨ ᠤ ᠠᠶᠢᠮᠠᠭ 2011 ᠣᠨ ᠠᠴᠠ ᠡᠬᠢᠯᠡᠨ | ᠰᠣᠷᠣᠭᠴᠢ ᠶᠢᠨ ᠳᠠᠰᠬᠠᠯ ᠤᠨ ᠳᠡᠪᠲᠡᠷ ᠤᠨ ᠵᠠᠷᠤᠳᠠᠯ ᠢ ᠭᠡᠯᠳᠦᠷᠢᠭᠦᠯᠬᠦ ᠶᠢᠨ ᠬᠠᠮᠲᠤ ᠬᠡᠷ ᠪᠦᠯᠢ ᠶᠢᠨ ᠠᠵᠤ | ᠠᠬᠤᠶ ᠨᠢ ᠣᠨᠴᠠᠭᠠᠶ ᠬᠦᠴᠢᠷᠳᠡᠯᠲᠡᠶ ᠰᠣᠷᠣᠭᠴᠢ ᠶᠢᠨ ᠰᠤᠷᠤᠯᠭ᠎ᠠ ᠶᠢᠨ ᠬᠡᠷᠡᠭᠰᠡᠯ ᠤᠨ ᠵᠠᠷᠤᠳᠠᠯ ᠢ ᠨᠥᠬᠦᠪᠥᠷᠢᠯᠡᠵᠦ᠂ | ᠣᠨᠴᠠᠭᠠᠢ ᠰᠤᠷᠭᠠᠨ ᠬᠥᠮᠦᠵᠢᠯ ᠤᠨ ᠪᠠᠶᠢᠷᠢ ᠳᠤ ᠰᠠᠭᠤᠬᠤ ᠰᠣᠷᠣᠭᠴᠢ ᠶᠢᠨ ᠠᠮᠢᠳᠤᠷᠠᠯ ᠤᠨ ᠵᠠᠷᠤᠳᠠᠯ ᠢ | ᠳᠡᠭᠡᠭᠰᠢᠯᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠳᠥᠷᠪᠡ ᠶᠢ ᠭᠡᠯᠳᠦᠷᠢᠭᠦᠯᠵᠦ ᠬᠤᠶᠠᠷ ᠢ | ᠨᠥᠬᠦᠪᠥᠷᠢᠯᠡᠬᠦ︾ ᠲᠥᠷᠥ ᠶᠢᠨ ᠪᠣᠳᠣᠯᠭ᠎ᠠ ᠶᠢ ᠪᠡᠶᠡᠯᠡᠭᠦᠯᠦᠨ᠎ᠡ᠃ | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ | | ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠥᠯᠵᠡᠶᠢᠮᠥ᠋ᠷᠡᠨ | ᠵᠡᠭᠡᠯᠢ ᠶᠢᠨ 4 ᠳ᠋ᠦ᠋ᠭᠡᠷ ᠨᠣᠮᠧᠷ᠂ ᠰᠣᠷᠣᠭᠴᠢ ᠶᠢᠨ ᠲᠡᠳᠬᠦᠮᠵᠢ ᠶᠢᠨ ᠬᠠᠮᠢᠶᠠᠷᠤᠯᠲᠠ ᠶᠢᠨ ᠲᠥᠪ ᠤᠨ ᠬᠡᠷᠡᠭ ᠡᠷᠭᠢᠯᠡᠬᠦ | ᠶᠡᠭᠡ ᠲᠢᠩᠬᠢᠮ ᠤᠨ 1 ᠳ᠋ᠦ᠋ᠭᠡᠷ ᠳᠠᠪᠬᠤᠷᠯᠢᠭ ᠤᠨ 1 — 4 ᠳ᠋ᠦ᠋ᠭᠡᠷ ᠴᠣᠩᠬᠤ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 2 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ | ᠰᠠᠭᠤᠵᠤ ᠬᠤᠰᠢᠭᠤᠨ ᠤ ᠵᠠᠰᠠᠭ ᠤᠨ ᠣᠷᠳᠣᠨ ᠤ ᠥᠷᠲᠡᠭᠡ ᠳᠤ ᠪᠠᠭᠤᠨ᠎ᠠ᠃ | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠰᠢᠯᠵᠢᠭᠦᠯᠦᠨ | ᠣᠷᠴᠢᠭᠤᠯᠪᠠ᠃ | ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw. | nmg.gov.cn/handle_affairs_detail? | item_detail_id=ff808081761dcf600176266774df7ec7®ionCode=150421000000&record=istrue |