ᠬᠦᠯᠢᠶᠡᠨ ᠰᠢᠢᠳᠪᠦᠷᠢᠯᠡᠬᠦ ᠨᠥᠬᠦᠴᠡᠯ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠤᠯᠤᠰ ᠤᠨ ᠰᠤᠷᠤᠯᠭ᠎ᠠ ᠶᠢᠨ | ᠲᠡᠳᠬᠦᠮᠵᠢ ᠶᠢᠨ ᠮᠥᠩᠭᠦ ᠶᠢ ᠬᠦᠷᠲᠡᠬᠦ ᠡᠲᠡᠭᠡᠳ ᠪᠣᠯ ᠵᠢᠩᠬᠢᠨᠢ ᠪᠠᠷ ᠳᠠᠩᠰᠠᠯᠠᠭᠤᠯᠤᠭᠰᠠᠨ ᠰᠤᠷᠭᠠᠭᠤᠯᠢ ᠶᠢᠨ | ᠬᠠᠷᠢᠶᠠᠯᠠᠯ ᠲᠠᠢ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ | ᠰᠤᠷᠤᠭᠴᠢᠳ ᠤᠨ ᠳᠣᠲᠣᠷᠠᠬᠢ ᠬᠡᠷ ᠪᠦᠯᠢ ᠶᠢᠨ ᠠᠮᠢᠳᠤᠷᠠᠯ ᠬᠦᠴᠢᠷᠳᠡᠯᠲᠡᠶ ᠰᠣᠷᠣᠭᠴᠢ ᠪᠣᠯᠤᠨ᠎ᠠ᠂ ᠲᠤᠰᠠᠯᠠᠬᠤ | ᠳᠤᠮᠳᠠᠴᠢ ᠪᠠᠷᠢᠮᠵᠢᠶ᠎ᠠ ᠨᠢ ᠰᠣᠷᠣᠭᠴᠢ ᠨᠢᠭᠡᠪᠦᠷᠢ ᠳᠤ ᠵᠢᠯ ᠪᠦᠷᠢ 2000 ᠲᠥᠭᠦᠷᠢᠭ ᠪᠣᠯᠤᠨ᠎ᠠ᠂ ᠪᠣᠳᠠᠲᠠᠶ ᠪᠠᠷ | ᠬᠤᠶᠠᠷ ᠳᠡᠰ ᠬᠤᠪᠢᠶᠠᠨ᠎ᠠ᠄ 2400 ᠲᠥᠭᠦᠷᠢᠭ \ ᠵᠢᠯ ᠪᠠ 1600 ᠲᠥᠭᠦᠷᠢᠭ \ ᠵᠢᠯ ᠪᠣᠯᠤᠨ᠎ᠠ᠃ ᠵᠣᠭᠤᠰ ᠢᠶᠠᠷ | ᠲᠤᠰᠠᠯᠠᠬᠤ ᠬᠡᠪᠴᠢᠶ᠎ᠡ ᠨᠢ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ 30% ᠪᠣᠯᠤᠨ᠎ᠠ᠃ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠤᠯᠤᠰ ᠤᠨ ᠰᠤᠷᠤᠯᠭ᠎ᠠ ᠶᠢᠨ | ᠲᠡᠳᠬᠦᠮᠵᠢ ᠶᠢᠨ ᠮᠥᠩᠭᠦ ᠶᠢ ᠬᠦᠷᠲᠡᠬᠦ ᠡᠲᠡᠭᠡᠳ ᠪᠣᠯ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ | ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠵᠢᠩᠬᠢᠨᠢ ᠰᠤᠷᠭᠠᠭᠤᠯᠢ ᠶᠢᠨ | ᠬᠠᠷᠢᠶᠠᠯᠠᠯ ᠲᠠᠢ ᠨᠢᠭᠡᠳᠦᠭᠡᠷ᠂ ᠬᠤᠶᠠᠳᠤᠭᠠᠷ ᠣᠨ ᠤ ᠪᠣᠶ ᠪᠥᠬᠦᠶ ᠮᠠᠯᠵᠢᠬᠤ ᠲᠠᠷᠢᠶᠠᠯᠠᠬᠤ ᠣᠷᠣᠨ ᠤ | ᠰᠤᠷᠭᠠᠭᠤᠯᠢ ᠳᠤ ᠪᠠᠶᠢᠭ᠎ᠠ ᠲᠠᠷᠢᠶᠠᠯᠠᠩ ᠲᠠᠢ ᠬᠤᠯᠪᠣᠭᠳᠠᠬᠤ ᠲᠤᠰᠬᠠᠶ ᠮᠡᠷᠭᠡᠵᠢᠯ ᠤᠨ ᠰᠣᠷᠣᠭᠴᠢ ᠪᠠ ᠬᠡᠷ ᠤᠨ | ᠠᠮᠢᠳᠤᠷᠠᠯ ᠬᠦᠴᠢᠷᠳᠡᠯᠲᠡᠶ ᠰᠣᠷᠣᠭᠴᠢ ᠪᠣᠯᠤᠨ᠎ᠠ᠃ ᠲᠥᠪ ᠤᠨ ᠪᠡᠯᠡ ᠪᠠᠷ ᠲᠤᠰᠠᠯᠠᠬᠤ ᠲᠥᠷᠥ ᠶᠢᠨ ᠪᠣᠳᠣᠯᠭ᠎ᠠ ᠶᠢ | ᠬᠦᠷᠲᠡᠬᠦ ᠡᠲᠡᠭᠡᠳ ᠨᠢ ᠨᠢᠭᠡᠳᠦᠭᠡᠷ᠂ ᠬᠤᠶᠠᠳᠤᠭᠠᠷ ᠣᠨ ᠤ ᠪᠣᠶ ᠪᠥᠬᠦᠶ ᠲᠠᠷᠢᠶᠠᠯᠠᠩ ᠲᠠᠢ ᠬᠤᠯᠪᠣᠭᠳᠠᠬᠤ ᠲᠤᠰᠬᠠᠶ | ᠮᠡᠷᠭᠡᠵᠢᠯ ᠤᠨ ᠰᠣᠷᠣᠭᠴᠢ ᠪᠠ ᠲᠠᠷᠢᠶᠠᠯᠠᠩ ᠲᠠᠢ ᠬᠤᠯᠪᠣᠭᠳᠠᠬᠤ ᠦᠭᠡᠢ ᠲᠤᠰᠬᠠᠶ ᠮᠡᠷᠭᠡᠵᠢᠯ ᠤᠨ ᠬᠡᠷ ᠪᠦᠯᠢ ᠶᠢᠨ | ᠠᠮᠢᠳᠤᠷᠠᠯ ᠬᠦᠴᠢᠷᠳᠡᠯᠲᠡᠶ ᠰᠣᠷᠣᠭᠴᠢ ᠪᠣᠯᠤᠨ᠎ᠠ᠂ ᠰᠣᠷᠣᠭᠴᠢ ᠨᠢᠭᠡᠪᠦᠷᠢ ᠶᠢ ᠵᠢᠯ ᠪᠦᠷᠢ 2000 ᠲᠥᠭᠦᠷᠢᠭ ᠤᠨ | ᠪᠠᠷᠢᠮᠵᠢᠶ᠎ᠠ ᠪᠠᠷ ᠵᠣᠭᠤᠰ ᠢᠶᠠᠷ ᠲᠤᠰᠠᠯᠠᠨ᠎ᠠ︔ ᠥᠪᠡᠷᠲᠡᠭᠡᠨ ᠵᠠᠰᠠᠬᠤ ᠣᠷᠣᠨ ᠤ ᠲᠡᠳᠬᠦᠮᠵᠢ ᠶᠢᠨ ᠲᠥᠷᠥ ᠶᠢᠨ | ᠪᠣᠳᠣᠯᠭ᠎ᠠ ᠶᠢ ᠬᠦᠷᠲᠡᠬᠦ ᠡᠲᠡᠭᠡᠳ ᠨᠢ ᠲᠥᠪ ᠤᠨ ᠲᠥᠷᠥ ᠶᠢᠨ ᠪᠣᠳᠣᠯᠭ᠎ᠠ ᠶᠢ ᠬᠦᠷᠲᠡᠭᠰᠡᠨ ᠦᠭᠡᠢ ᠨᠢᠭᠡᠳᠦᠭᠡᠷ᠂ | ᠬᠤᠶᠠᠳᠤᠭᠠᠷ ᠣᠨ ᠤ ᠮᠠᠯᠵᠢᠬᠤ ᠲᠠᠷᠢᠶᠠᠯᠠᠬᠤ ᠣᠷᠣᠨ ᠤ ᠲᠠᠷᠢᠶᠠᠯᠠᠩ ᠲᠠᠢ ᠬᠤᠯᠪᠣᠭᠳᠠᠬᠤ ᠦᠭᠡᠢ ᠲᠤᠰᠬᠠᠶ ᠮᠡᠷᠭᠡᠵᠢᠯ | ᠰᠤᠷᠴᠤ ᠪᠠᠶᠢᠭ᠎ᠠ ᠪᠤᠰᠤᠳ ᠰᠤᠷᠭᠠᠭᠤᠯᠢ ᠳᠤ ᠪᠠᠶᠢᠭ᠎ᠠ ᠰᠣᠷᠣᠭᠴᠢ ᠪᠠᠶᠢᠵᠤ᠂ ᠰᠣᠷᠣᠭᠴᠢ ᠨᠢᠭᠡᠪᠦᠷᠢ ᠳᠤ ᠵᠢᠯ ᠪᠦᠷᠢ | 1500 ᠲᠥᠭᠦᠷᠢᠭ ᠤᠨ ᠪᠠᠷᠢᠮᠵᠢᠶ᠎ᠠ ᠪᠠᠷ ᠵᠣᠭᠤᠰ ᠢᠶᠠᠷ ᠲᠤᠰᠠᠯᠠᠨ᠎ᠠ᠃ | | ᠲᠣᠭᠲᠠᠭᠠᠭᠰᠠᠨ ᠦᠨᠳᠦᠰᠦᠯᠡᠯ | ︽ᠬᠠᠤᠯᠢ ᠴᠠᠭᠠᠵᠠ ᠠᠴᠠ ᠭᠠᠳᠠᠨᠠᠬᠢ ᠪᠤᠰᠤᠳ ᠲᠣᠭᠲᠠᠭᠠᠯ︾ ︽ᠰᠢᠯᠢ ᠶᠢᠨ ᠭᠤᠤᠯ ᠠᠶᠢᠮᠠᠭ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠦᠢᠳᠬᠡᠯ ᠥᠯᠥ ᠬᠤᠷᠢᠶᠠᠬᠤ ᠰᠤᠷᠭᠠᠨ | ᠬᠥᠮᠦᠵᠢᠯ ᠤᠨ ᠬᠡᠷᠡᠭᠵᠢᠭᠦᠯᠬᠦ ᠠᠷᠭ᠎ᠠ︾ ︵ᠰᠢᠯᠢ ᠵᠠᠬᠢᠷᠭ᠎ᠠ ᠲᠠᠷᠬᠠᠭᠠᠭᠰᠠᠨ ︹ 2011 ︺ 66 ᠳ᠋ᠤᠭᠠᠷ | ᠲᠣᠭᠠᠲᠤ︶ ᠶᠢᠨ ᠭᠤᠷᠪᠠᠳᠤᠭᠠᠷ ᠵᠤᠷᠪᠤᠰ ᠲᠤ᠂ ᠨᠥᠬᠦᠴᠡᠯ ᠳᠤ ᠨᠡᠶᠢᠴᠡᠬᠦ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠣᠷᠣᠭᠴᠢ ᠶᠢᠨ ᠰᠤᠷᠤᠯᠭ᠎ᠠ ᠶᠢᠨ ᠰᠦᠢᠳᠬᠡᠯ ᠢ ᠭᠡᠯᠳᠦᠷᠢᠭᠦᠯᠵᠦ᠂ ᠰᠦᠢᠳᠬᠡᠯ ᠦᠭᠡᠢ | ᠬᠢᠴᠢᠶᠡᠯ ᠤᠨ ᠪᠢᠴᠢᠭ ᠬᠠᠩᠭᠠᠵᠤ᠂ ᠪᠠᠶᠢᠷᠢ ᠳᠤ ᠰᠠᠭᠤᠬᠤ ᠰᠣᠷᠣᠭᠴᠢ ᠶᠢᠨ ᠪᠠᠶᠢᠷᠢ ᠶᠢᠨ ᠰᠦᠢᠳᠬᠡᠯ ᠢ | ᠭᠡᠯᠳᠦᠷᠢᠭᠦᠯᠵᠦ᠂ ᠬᠡᠷ ᠪᠦᠯᠢ ᠶᠢᠨ ᠠᠮᠢᠳᠤᠷᠠᠯ ᠬᠦᠴᠢᠷᠳᠡᠯᠲᠡᠶ ᠰᠣᠷᠣᠭᠴᠢ ᠨᠢᠭᠡᠪᠦᠷᠢ ᠳᠤ ᠵᠢᠯ ᠪᠦᠷᠢ 1500 | ᠲᠥᠭᠦᠷᠢᠭ ︵ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ︶ ᠤᠨ ᠠᠮᠢᠳᠤᠷᠠᠯ ᠤᠨ ᠰᠦᠢᠳᠬᠡᠯ ᠤᠨ | ᠨᠥᠬᠦᠪᠥᠷᠢ ᠥᠭᠭᠦᠨ᠎ᠡ᠃ | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ | | ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠥᠯᠵᠡᠶᠢᠮᠥ᠋ᠷᠡᠨ | ᠵᠡᠭᠡᠯᠢ ᠶᠢᠨ 4 ᠳ᠋ᠦ᠋ᠭᠡᠷ ᠨᠣᠮᠧᠷ᠂ ᠰᠣᠷᠣᠭᠴᠢ ᠶᠢᠨ ᠲᠡᠳᠬᠦᠮᠵᠢ ᠶᠢᠨ ᠬᠠᠮᠢᠶᠠᠷᠤᠯᠲᠠ ᠶᠢᠨ ᠲᠥᠪ ᠤᠨ ᠬᠡᠷᠡᠭ ᠡᠷᠭᠢᠯᠡᠬᠦ | ᠶᠡᠭᠡ ᠲᠢᠩᠬᠢᠮ ᠤᠨ 1 ᠳ᠋ᠦ᠋ᠭᠡᠷ ᠳᠠᠪᠬᠤᠷᠯᠢᠭ ᠤᠨ 1 — 4 ᠳ᠋ᠦ᠋ᠭᠡᠷ ᠴᠣᠩᠬᠤ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 2 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ | ᠰᠠᠭᠤᠵᠤ ᠬᠤᠰᠢᠭᠤᠨ ᠤ ᠵᠠᠰᠠᠭ ᠤᠨ ᠣᠷᠳᠣᠨ ᠤ ᠥᠷᠲᠡᠭᠡ ᠳᠤ ᠪᠠᠭᠤᠨ᠎ᠠ᠃ | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠰᠢᠯᠵᠢᠭᠦᠯᠦᠨ | ᠣᠷᠴᠢᠭᠤᠯᠪᠠ᠃ | ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw. | nmg.gov.cn/handle_affairs_detail? | item_detail_id=ff808081761dcf600176266d074911a5®ionCode=150421000000&record=istrue |