ᠬᠦᠯᠢᠶᠡᠨ ᠰᠢᠢᠳᠪᠦᠷᠢᠯᠡᠬᠦ ᠨᠥᠬᠦᠴᠡᠯ | ︵ᠨᠢᠭᠡ︶ ᠵᠥᠪᠰᠢᠶᠡᠷᠡᠬᠦ ᠨᠥᠬᠦᠴᠡᠯ᠄ 1. ᠭᠤᠶᠤᠴᠢᠯᠠᠭᠰᠠᠨ ᠵᠦᠢᠯ ᠨᠢ ᠲᠤᠰ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠡᠷᠬᠡ ᠲᠤᠰᠢᠶᠠᠯ ᠤᠨ ᠬᠡᠪᠴᠢᠶᠡᠨ ᠳᠤ ᠪᠠᠭᠲᠠᠬᠤ᠃ 2. ᠭᠤᠶᠤᠴᠢᠯᠠᠭᠴᠢ ᠶᠢᠨ ᠲᠤᠰᠢᠶᠠᠭᠰᠠᠨ | ᠭᠤᠶᠤᠴᠢᠯᠠᠯ ᠤᠨ ᠮᠠᠲ᠋ᠧᠷᠢᠶᠠᠯ ᠨᠢ ᠬᠠᠤᠯᠢ ᠳᠤ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠨ᠎ᠡ᠃ 3. | ᠭᠤᠶᠤᠴᠢᠯᠠᠭᠴᠢ ᠵᠠᠰᠠᠭ ᠵᠠᠬᠢᠷᠭᠠᠨ ᠤ ᠵᠥᠪᠰᠢᠶᠡᠷᠡᠯ ᠢ ᠭᠦᠢᠴᠡᠳᠬᠡᠬᠦ ᠳᠤ ᠲᠤᠰ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠱᠠᠭᠠᠷᠳᠠᠯᠭ᠎ᠠ ᠶᠣᠰᠣᠭᠠᠷ ᠨᠢᠭᠡ ᠤᠳᠠᠭ᠎ᠠ ᠶᠢᠨ ᠴᠢᠨᠠᠷᠲᠠᠢ ᠮᠡᠳᠡᠭᠳᠡᠬᠦ ᠮᠠᠲ᠋ᠧᠷᠢᠶᠠᠯ ᠢ ᠪᠦᠷᠢᠨ | ᠭᠦᠢᠴᠡᠳ ᠬᠠᠩᠭᠠᠭᠰᠠᠨ ᠪᠤᠶᠤ ᠪᠦᠷᠢᠨ ᠭᠦᠢᠴᠡᠳ ᠨᠥᠬᠦᠪᠦᠷᠢᠯᠡᠭᠰᠡᠨ᠃ ︵ᠬᠤᠶᠠᠷ︶ ᠥᠯᠥ ᠵᠥᠪᠰᠢᠶᠡᠷᠡᠬᠦ | ᠪᠠᠶᠢᠳᠠᠯ᠄ 1. ᠭᠤᠶᠤᠴᠢᠯᠠᠭᠰᠠᠨ ᠵᠦᠢᠯ ᠨᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠨ ᠤ ᠡᠷᠬᠡ | ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠶ᠃ 2. ᠭᠤᠶᠤᠴᠢᠯᠠᠭᠴᠢ ᠶᠢᠨ ᠳᠡᠪᠰᠢᠭᠦᠯᠦᠭᠰᠡᠨ | ᠭᠤᠶᠤᠴᠢᠯᠠᠯ ᠤᠨ ᠮᠠᠲ᠋ᠧᠷᠢᠶᠠᠯ ᠨᠢ ᠪᠣᠳᠠᠲᠠᠢ ᠲᠠᠢ ᠨᠡᠶᠢᠴᠡᠬᠦ ᠦᠭᠡᠢ᠃ ︵ᠭᠤᠷᠪᠠ︶ ᠲᠣᠳᠣᠷᠬᠠᠶᠢᠯᠠᠬᠤ | ᠴᠢᠬᠤᠯᠠ ᠲᠠᠢ ᠪᠤᠰᠤᠳ ᠪᠠᠶᠢᠳᠠᠯ᠄ ᠬᠢᠨᠠᠨ ᠵᠥᠪᠰᠢᠶᠡᠷᠡᠬᠦ ᠲᠤᠭ᠎ᠠ ᠬᠡᠮᠵᠢᠶᠡᠨ ᠤ ᠬᠢᠵᠠᠭᠠᠷᠯᠠᠯ ᠥᠭᠡᠢ᠃ | | ᠲᠣᠭᠲᠠᠭᠠᠭᠰᠠᠨ ᠦᠨᠳᠦᠰᠦᠯᠡᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢᠨ | ᠬᠠᠤᠯᠢ︾ ᠶᠢᠨ 27 ᠳ᠋ᠤᠭᠠᠷ ᠵᠤᠷᠪᠤᠰ ᠲᠤ᠂ ︽ᠭᠠᠶᠢᠯᠢ ᠲᠤᠰᠢᠶᠠᠭᠴᠢ᠂ ᠰᠠᠭᠤᠯᠭᠠᠨ ᠲᠤᠰᠢᠶᠠᠬᠤ ᠡᠭᠦᠷᠭᠡᠳᠡᠨ | ᠲᠣᠭᠲᠠᠭᠰᠠᠨ ᠬᠤᠭᠤᠴᠠᠭᠠᠨ ᠳᠠᠭᠠᠨ ᠭᠠᠶᠢᠯᠢ ᠲᠤᠰᠢᠶᠠᠬᠤ ᠪᠠᠷ ᠮᠡᠳᠡᠭᠦᠯᠵᠦ ᠳᠡᠶᠢᠯᠬᠦ ᠤᠢᠭᠡᠢ ᠪᠤᠶᠤ ᠣᠷᠣᠯᠠᠨ | ᠰᠠᠭᠤᠯᠭᠠᠨ ᠠᠪᠴᠤ ᠣᠷᠣᠯᠠᠨ ᠲᠤᠰᠢᠶᠠᠬᠤ᠂ ᠣᠷᠣᠯᠠᠨ ᠬᠤᠷᠢᠶᠡᠠ ᠠᠪᠴᠤ ᠣᠷᠣᠯᠠᠨ ᠲᠤᠰᠢᠶᠠᠬᠤ ᠭᠠᠶᠢᠯᠢ ᠶᠢᠨ | ᠵᠣᠭᠤᠰᠣᠨ ᠤ ᠮᠡᠳᠡᠭᠦᠯᠦᠯᠲᠡ ᠶᠢᠨ ᠬᠦᠰᠦᠨᠦᠭᠲᠦ ᠪᠠᠨ ᠮᠡᠳᠡᠭᠦᠯᠦᠨ ᠬᠦᠷᠭᠡᠵᠦ ᠳᠡᠶᠢᠯᠬᠦ ᠤᠢᠭᠡᠢ ᠪᠣᠯ ᠭᠠᠶᠢᠯᠢ ᠶᠢᠨ | ᠶᠠᠪᠤᠳᠠᠯ ᠤᠨ ᠪᠠᠶᠢᠭᠤᠯᠭ᠎ᠠ ᠪᠠᠷ ᠬᠢᠨᠠᠨ ᠵᠥᠪᠰᠢᠶᠡᠷᠡᠭᠦᠯᠦᠭᠡᠳ ᠬᠤᠭᠤᠴᠠᠭ᠎ᠠ ᠬᠤᠶᠢᠰᠢᠯᠠᠭᠤᠯᠤᠨ ᠮᠡᠳᠡᠭᠦᠯᠵᠦ ᠪᠣᠯᠤᠨ᠎ᠠ | ᠃︾ ᠭᠤᠴᠢᠨ ᠳᠣᠯᠣᠳᠤᠭᠠᠷ ᠵᠤᠷᠪᠤᠰ ᠲᠤ᠂ ︽ᠭᠠᠶᠢᠯᠢ ᠲᠤᠰᠢᠶᠠᠭᠴᠢ᠂ ᠰᠠᠭᠤᠯᠭᠠᠨ ᠲᠤᠰᠢᠶᠠᠬᠤ ᠡᠭᠦᠷᠭᠡᠳᠡᠨ | ᠲᠣᠭᠲᠠᠭᠰᠠᠨ ᠬᠤᠭᠤᠴᠠᠭᠠᠨ ᠳᠤ ᠭᠠᠶᠢᠯᠢ ᠲᠤᠰᠢᠶᠠᠬᠤ ᠪᠠᠷ ᠮᠡᠳᠡᠭᠦᠯᠬᠦ ᠪᠤᠶᠤ ᠣᠷᠣᠯᠠᠨ ᠰᠠᠭᠤᠯᠭᠠᠨ ᠠᠪᠴᠤ | ᠣᠷᠣᠯᠠᠨ ᠲᠤᠰᠢᠶᠠᠬᠤ᠂ ᠣᠷᠣᠯᠠᠨ ᠬᠤᠷᠢᠶᠡᠠ ᠠᠪᠴᠤ ᠣᠷᠣᠯᠠᠨ ᠲᠤᠰᠢᠶᠠᠬᠤ ᠭᠠᠶᠢᠯᠢ ᠶᠢᠨ ᠵᠣᠭᠤᠰᠣᠨ ᠤ | ᠮᠡᠳᠡᠭᠦᠯᠦᠯᠲᠡ ᠶᠢᠨ ᠬᠦᠰᠦᠨᠦᠭᠲᠦ ᠪᠠᠨ ᠮᠡᠳᠡᠭᠦᠯᠦᠨ ᠬᠦᠷᠭᠡᠬᠦ ᠳᠤ ᠦᠨᠡᠬᠡᠷ ᠬᠦᠴᠢᠷ ᠲᠠᠢ ᠪᠠᠶᠢᠵᠤ᠂ ᠬᠤᠭᠤᠴᠠᠭ᠎ᠠ ᠶᠢ | ᠤᠷᠲᠤᠳᠬᠠᠬᠤ ᠴᠢᠬᠤᠯᠠᠲᠠᠶ ᠪᠣᠯ ᠲᠣᠭᠲᠠᠭᠰᠠᠨ ᠬᠤᠭᠤᠴᠠᠭᠠᠨ ᠳᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ | ᠬᠤᠭᠤᠴᠠᠭ᠎ᠠ ᠤᠷᠲᠤᠳᠬᠠᠬᠤ ᠪᠢᠴᠢᠭ ᠤᠨ ᠭᠤᠶᠤᠴᠢᠯᠠᠯ ᠭᠠᠷᠭᠠᠵᠤ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠪᠠᠷ | ᠬᠢᠨᠠᠨ ᠵᠥᠪᠰᠢᠶᠡᠷᠡᠭᠦᠯᠦᠭᠡᠳ᠂ ᠬᠢᠨᠠᠨ ᠵᠥᠪᠰᠢᠶᠡᠷᠡᠭᠰᠡᠨ ᠬᠤᠭᠤᠴᠠᠭᠠᠨ ᠳᠤ ᠭᠦᠢᠴᠡᠳᠬᠡᠬᠦ ᠬᠡᠷᠡᠭᠲᠡᠶ᠃ ᠭᠠᠶᠢᠯᠢ | ᠲᠤᠰᠢᠶᠠᠭᠴᠢ᠂ ᠰᠠᠭᠤᠯᠭᠠᠨ ᠲᠤᠰᠢᠶᠠᠬᠤ ᠡᠭᠦᠷᠭᠡᠳᠡᠨ ᠬᠤᠷᠢᠭᠯᠠᠵᠤ ᠴᠢᠳᠠᠰᠢ ᠤᠢᠭᠡᠢ ᠬᠦᠴᠦᠨ ᠵᠦᠢᠯ ᠠᠴᠠ ᠪᠤᠯᠵᠦ | ᠲᠣᠭᠲᠠᠭᠰᠠᠨ ᠬᠤᠭᠤᠴᠠᠭᠠᠨ ᠳᠠᠭᠠᠨ ᠭᠠᠶᠢᠯᠢ ᠲᠤᠰᠢᠶᠠᠬᠤ ᠪᠠᠷ ᠮᠡᠳᠡᠭᠦᠯᠵᠦ ᠳᠡᠶᠢᠯᠬᠦ ᠤᠢᠭᠡᠢ ᠪᠤᠶᠤ ᠣᠷᠣᠯᠠᠨ | ᠰᠠᠭᠤᠯᠭᠠᠨ ᠠᠪᠴᠤ ᠣᠷᠣᠯᠠᠨ ᠲᠤᠰᠢᠶᠠᠬᠤ᠂ ᠣᠷᠣᠯᠠᠨ ᠬᠤᠷᠢᠶᠡᠠ ᠠᠪᠴᠤ ᠣᠷᠣᠯᠠᠨ ᠲᠤᠰᠢᠶᠠᠬᠤ ᠭᠠᠶᠢᠯᠢ ᠶᠢᠨ | ᠵᠣᠭᠤᠰᠣᠨ ᠤ ᠮᠡᠳᠡᠭᠦᠯᠦᠯᠲᠡ ᠶᠢᠨ ᠬᠦᠰᠦᠨᠦᠭᠲᠦ ᠪᠠᠨ ᠮᠡᠳᠡᠭᠦᠯᠦᠨ ᠬᠦᠷᠭᠡᠵᠦ ᠳᠡᠶᠢᠯᠬᠦ ᠤᠢᠭᠡᠢ ᠪᠣᠯ | ᠬᠤᠶᠢᠰᠢᠯᠠᠭᠤᠯᠤᠨ ᠭᠦᠢᠴᠡᠳᠬᠡᠵᠦ ᠪᠣᠯᠤᠨ᠎ᠠ᠃ ᠭᠡᠪᠡᠴᠦ ᠬᠤᠷᠢᠭᠯᠠᠵᠤ ᠴᠢᠳᠠᠰᠢ ᠤᠢᠭᠡᠢ ᠬᠦᠴᠦᠨ ᠵᠦᠢᠯ | ᠠᠷᠢᠯᠤᠭᠰᠠᠨ ᠤ ᠲᠡᠷᠠᠭ᠎ᠠ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠲᠡᠷᠡ ᠳᠠᠷᠤᠶ ᠳᠤᠨᠢ ᠮᠡᠳᠡᠭᠦᠯᠬᠦ ᠬᠡᠷᠡᠭᠲᠡᠶ᠃ | ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠪᠣᠳᠠᠲᠤ ᠬᠡᠷᠡᠭ ᠢ ᠪᠠᠶᠢᠴᠠᠭᠠᠨ ᠲᠣᠳᠣᠷᠬᠠᠶᠢᠯᠠᠵᠤ᠂ ᠬᠢᠨᠠᠨ ᠵᠥᠪᠰᠢᠶᠡᠷᠡᠬᠦ | ᠬᠡᠷᠡᠭᠲᠡᠶ︾᠃ | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ | | ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ | ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 23 | ᠳ᠋ᠤᠭᠠᠷ ᠴᠣᠩᠬᠤ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ | ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠵᠤ᠂ ᠵᠡᠭᠦᠨᠰᠢ 200 ᠮᠧᠲᠷ | ᠶᠠᠪᠤᠨ᠎ᠠ᠃ 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ | ᠲᠣᠪᠴᠢᠶᠠᠨ ᠤ ᠥᠷᠲᠡᠭᠡᠨ ᠳᠤ ᠪᠠᠭᠤᠨ᠎ᠠ᠃ | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠰᠢᠯᠵᠢᠭᠦᠯᠦᠨ | ᠣᠷᠴᠢᠭᠤᠯᠪᠠ᠃ | ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw. | nmg.gov.cn/handle_affairs_detail? | item_detail_id=bb4497706d20d349016d2368a15741f7®ionCode=150421000000&highlight=LeagueCity&record=istrue |