ᠬᠦᠯᠢᠶᠡᠨ ᠰᠢᠢᠳᠪᠦᠷᠢᠯᠡᠬᠦ ᠨᠥᠬᠦᠴᠡᠯ | ︵ᠨᠢᠭᠡ︶ ᠵᠥᠪᠰᠢᠶᠡᠷᠡᠬᠦ ᠨᠥᠬᠦᠴᠡᠯ᠄ | 1. ᠰᠦᠯᠵᠢᠶ᠎ᠡ ᠪᠠᠷ ᠲᠡᠷᠭᠡ ᠪᠣᠯᠵᠣᠬᠤ ᠲᠠᠪᠴᠠᠩ ᠤᠨ ᠺᠣᠮᠫᠠᠨᠢ ᠨᠢ ᠦᠢᠯᠡᠴᠢᠯᠡᠭᠡ ᠬᠠᠩᠭᠠᠬᠤ ᠲᠡᠷᠭᠡ ᠶᠢᠨ ᠬᠠᠤᠯᠢ | ᠶᠣᠰᠣᠨ ᠤ ᠲᠡᠭᠡᠭᠡᠪᠦᠷᠢ ᠶᠢᠨ ᠡᠵᠡᠩᠨᠡᠯᠲᠡ ᠶᠢᠨ ᠬᠢᠷᠢ ᠬᠡᠮ ᠲᠠᠢ᠂ ᠮᠡᠷᠭᠡᠵᠢᠯ ᠤᠨ ᠲᠦᠪᠰᠢᠨ ᠥᠨᠳᠥᠷ᠂ ᠠᠮᠤᠷ ᠲᠦᠪᠰᠢᠨ ᠤ | ᠴᠢᠳᠠᠮᠵᠢ ᠨᠢ ᠨᠠᠶᠢᠳᠠᠪᠤᠷᠢᠲᠠᠶ᠂ ᠲᠡᠭᠡᠭᠡᠪᠦᠷᠢ ᠶᠢᠨ ᠡᠵᠡᠩᠨᠡᠯᠲᠡ ᠶᠢᠨ ᠲᠡᠷᠭᠡ ᠶᠢᠨ ᠬᠠᠮᠢᠶ᠎ᠠ ᠪᠥᠬᠦᠶ ᠳᠠᠭᠠᠳᠬᠠᠯ ᠲᠠᠢ | ᠪᠠᠶᠢᠬᠤ ᠶᠢ ᠪᠠᠲᠤᠯᠠᠬᠤ ᠬᠡᠷᠡᠭᠲᠡᠶ᠃ | 2. ᠵᠢᠯᠣᠭᠤᠴᠢ ᠳᠤ ᠬᠠᠤᠯᠢ ᠶᠣᠰᠣᠨ ᠤ ᠠᠵᠢᠯ ᠡᠷᠭᠢᠯᠡᠬᠦ ᠬᠢᠷᠢ ᠬᠡᠮ ᠲᠠᠢ᠃ | ︵ᠬᠤᠶᠠᠷ︶ ᠦᠯᠦ ᠵᠥᠪᠰᠢᠶᠡᠷᠡᠬᠦ ᠪᠠᠶᠢᠳᠠᠯ᠄ | 1᠂ ᠭᠤᠶᠤᠴᠢᠯᠠᠭᠰᠠᠨ ᠵᠦᠢᠯ ᠨᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠨ ᠤ ᠡᠷᠬᠡ | ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠢ᠃ | 2᠂ ᠭᠤᠶᠤᠴᠢᠯᠠᠭᠴᠢ ᠶᠢᠨ ᠳᠡᠪᠰᠢᠭᠦᠯᠦᠭᠰᠡᠨ ᠭᠤᠶᠤᠴᠢᠯᠠᠯ ᠤᠨ ᠮᠠᠲ᠋ᠧᠷᠢᠶᠠᠯ ᠨᠢ ᠪᠣᠳᠠᠲᠠᠢ ᠲᠠᠢ ᠨᠡᠶᠢᠴᠡᠬᠦ ᠦᠭᠡᠢ᠃ | | ︵ᠭᠤᠷᠪᠠ︶ ᠲᠣᠳᠣᠷᠬᠠᠶᠢᠯᠠᠬᠤ ᠴᠢᠬᠤᠯᠠᠲᠠᠶ ᠪᠤᠰᠤᠳ ᠪᠠᠶᠢᠳᠠᠯ᠄ ᠬᠢᠨᠠᠨ ᠵᠥᠪᠰᠢᠶᠡᠷᠡᠬᠦ ᠲᠤᠭ᠎ᠠ ᠬᠡᠮᠵᠢᠶᠡᠨ ᠤ | ᠬᠢᠵᠠᠭᠠᠷᠯᠠᠯ ᠪᠠᠶᠢᠬᠤ ᠥᠬᠡᠶ᠃ | | ᠲᠣᠭᠲᠠᠭᠠᠭᠰᠠᠨ ᠦᠨᠳᠦᠰᠦᠯᠡᠯ | 【 ᠰᠠᠯᠠᠭ᠎ᠠ ᠮᠥᠴᠢᠷ ᠤᠨ ᠲᠦᠷᠢᠮ ᠲᠣᠭᠲᠠᠭᠠᠯ 】 ︽ᠰᠦᠯᠵᠢᠶ᠎ᠡ ᠪᠠᠷ ᠪᠣᠯᠵᠣᠬᠤ ᠲᠦᠷᠢᠶᠡᠰᠦᠨ ᠮᠠᠰᠢᠨ | ᠲᠡᠷᠭᠡᠨ ᠤ ᠡᠵᠡᠩᠨᠡᠯᠲᠡ ᠦᠢᠯᠡᠴᠢᠯᠡᠭᠡ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵2016 ᠣᠨ ᠤ 7 | ᠰᠠᠷ᠎ᠠ ᠶᠢᠨ 27 ᠤ ᠡᠳᠦᠷ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ᠂ | ᠦᠢᠯᠡᠳᠪᠦᠷᠢ ᠬᠤᠳᠠᠯᠳᠤᠭᠠᠨ ᠤ ᠶᠠᠪᠤᠳᠠᠯ ᠤᠨ ᠶᠡᠷᠦᠩᠬᠡᠶ ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ | ᠰᠢᠯᠭᠠᠨ ᠪᠠᠶᠢᠴᠠᠭᠠᠬᠤ ᠶᠡᠷᠦᠩᠬᠡᠶ ᠲᠣᠪᠴᠢᠶ᠎ᠠ᠂ ᠤᠯᠤᠰ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ | ᠨᠡᠶᠢᠲᠡᠯᠡᠵᠦ᠂ 2019 ᠣᠨ ᠤ 12 ᠰᠠᠷ᠎ᠠ ᠶᠢᠨ 28 ᠤ ᠡᠳᠦᠷ ᠵᠠᠰᠠᠪᠤᠷᠢ ᠣᠷᠣᠭᠤᠯᠤᠭᠰᠠᠨ︶ | ᠠᠷᠪᠠᠨ ᠳᠣᠯᠣᠳᠤᠭᠠᠷ ᠵᠤᠷᠪᠤᠰ ᠲᠤ᠂ ᠰᠦᠯᠵᠢᠶ᠎ᠡ ᠪᠠᠷ ᠲᠡᠷᠭᠡ ᠪᠣᠯᠵᠣᠬᠤ ᠲᠠᠪᠴᠠᠩ ᠤᠨ ᠺᠣᠮᠫᠠᠨᠢ ᠦᠢᠯᠡᠴᠢᠯᠡᠭᠡ | ᠬᠠᠩᠭᠠᠬᠤ ᠲᠡᠷᠭᠡ ᠬᠥᠰᠬᠡ ᠶᠢᠨ ᠬᠠᠤᠯᠢ ᠶᠣᠰᠣᠨ ᠤ ᠲᠡᠭᠡᠭᠡᠪᠦᠷᠢ ᠶᠢᠨ ᠡᠵᠡᠩᠨᠡᠯᠲᠡ ᠶᠢᠨ ᠬᠢᠷᠢ ᠬᠡᠮ ᠲᠠᠢ ᠪᠠᠶᠢᠬᠤ ᠶᠢ | ᠪᠠᠲᠤᠯᠠᠵᠤ᠂ ᠮᠡᠷᠭᠡᠵᠢᠯ ᠤᠨ ᠲᠦᠪᠰᠢᠨ ᠥᠨᠳᠥᠷ᠂ ᠠᠮᠤᠷ ᠲᠦᠪᠰᠢᠨ ᠤ ᠴᠢᠳᠠᠮᠵᠢ ᠨᠢ ᠨᠠᠶᠢᠳᠠᠪᠤᠷᠢᠲᠠᠶ᠂ ᠲᠡᠭᠡᠭᠡᠪᠦᠷᠢ | ᠡᠵᠡᠩᠨᠡᠯᠲᠡ ᠶᠢᠨ ᠲᠡᠷᠭᠡ ᠨᠢ ᠬᠠᠮᠢᠶ᠎ᠠ ᠪᠥᠬᠦᠶ ᠳᠠᠭᠠᠳᠬᠠᠯ ᠲᠠᠢ ᠪᠠᠶᠢᠵᠤ᠂ ᠰᠦᠯᠵᠢᠶ᠎ᠡ ᠪᠠᠷ ᠦᠢᠯᠡᠴᠢᠯᠡᠭᠡ ᠬᠠᠩᠭᠠᠵᠤ | ᠪᠠᠶᠢᠭ᠎ᠠ ᠲᠡᠷᠭᠡ ᠬᠥᠰᠬᠡ ᠨᠢ ᠰᠦᠯᠵᠢᠶᠡᠨ ᠭᠠᠳᠠᠨ᠎ᠠ ᠪᠣᠳᠠᠲᠠᠶ ᠦᠢᠯᠡᠴᠢᠯᠡᠭᠡ ᠬᠠᠩᠭᠠᠵᠤ ᠪᠠᠶᠢᠭ᠎ᠠ ᠲᠡᠷᠭᠡ ᠬᠥᠰᠬᠡ ᠲᠠᠢ | ᠨᠢᠭᠡᠳᠦᠯᠲᠡᠶ ᠪᠠᠶᠢᠬᠤ ᠶᠢ ᠪᠠᠲᠤᠯᠠᠬᠤ ᠶᠢᠨ ᠬᠠᠮᠲᠤ᠂ ᠲᠡᠷᠭᠡ ᠬᠥᠰᠬᠡ ᠶᠢᠨ ᠬᠠᠮᠢᠶ᠎ᠠ ᠪᠥᠬᠦᠶ ᠮᠡᠳᠡᠭᠡ ᠵᠠᠩᠭᠢ ᠶᠢ | ᠦᠢᠯᠡᠴᠢᠯᠡᠭᠡᠨ ᠤ ᠪᠠᠶᠢᠭ᠎ᠠ ᠭᠠᠵᠠᠷ ᠤᠨ ᠲᠦᠷᠢᠶᠡᠰᠦᠨ ᠮᠠᠰᠢᠨ ᠲᠡᠷᠭᠡᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ | ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ | ᠠᠷᠪᠠᠨ ᠨᠠᠢᠮᠠᠳᠤᠭᠠᠷ ᠵᠤᠷᠪᠤᠰ ᠲᠤ᠂ ᠰᠦᠯᠵᠢᠶ᠎ᠡ ᠪᠠᠷ ᠲᠡᠷᠭᠡ ᠪᠣᠯᠵᠣᠬᠤ ᠲᠠᠪᠴᠠᠩ ᠤᠨ ᠺᠣᠮᠫᠠᠨᠢ ᠨᠢ | ᠦᠢᠯᠡᠴᠢᠯᠡᠭᠡ ᠬᠠᠩᠭᠠᠬᠤ ᠵᠢᠯᠣᠭᠤᠴᠢ ᠶᠢᠨ ᠬᠠᠤᠯᠢ ᠶᠣᠰᠣᠨ ᠤ ᠠᠵᠢᠯ ᠡᠷᠭᠢᠯᠡᠬᠦ ᠬᠢᠷᠢ ᠬᠡᠮ ᠲᠠᠢ ᠪᠠᠶᠢᠬᠤ ᠶᠢ ᠪᠠᠲᠤᠯᠠᠵᠤ᠂ | ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ᠂ ᠠᠵᠢᠯᠯᠠᠬᠤ ᠴᠠᠭ ᠤᠨ ᠣᠷᠳᠣ᠂ | ᠦᠢᠯᠡᠴᠢᠯᠡᠬᠦ ᠤᠳᠠᠭ᠎ᠠ ᠵᠡᠷᠭᠡ ᠣᠨᠴᠠᠯᠢᠭ ᠢ ᠦᠨᠳᠦᠰᠦᠯᠡᠨ᠂ ᠵᠢᠯᠣᠭᠤᠴᠢ ᠲᠠᠢ ᠣᠯᠠᠨ ᠵᠦᠢᠯ ᠤᠨ ᠬᠡᠯᠪᠡᠷᠢ ᠶᠢᠨ | ᠬᠥᠳᠡᠯᠮᠦᠷᠢ ᠶᠢᠨ ᠭᠡᠷ᠎ᠡ ᠪᠤᠶᠤ ᠬᠡᠯᠡᠯᠴᠡᠭᠡᠷ ᠲᠣᠭᠲᠠᠵᠤ᠂ ᠬᠤᠶᠠᠷ ᠲᠠᠯ᠎ᠠ ᠶᠢᠨ ᠡᠷᠬᠡ ᠪᠠ ᠡᠭᠦᠷᠭᠡ ᠶᠢ ᠲᠣᠳᠣᠷᠬᠠᠶᠢᠯᠠᠬᠤ | ᠬᠡᠷᠡᠭᠲᠡᠶ᠃ ᠰᠦᠯᠵᠢᠶ᠎ᠡ ᠪᠠᠷ ᠲᠡᠷᠭᠡ ᠪᠣᠯᠵᠣᠬᠤ ᠲᠠᠪᠴᠠᠩ ᠤᠨ ᠺᠣᠮᠫᠠᠨᠢ ᠨᠢ ᠵᠢᠯᠣᠭᠤᠴᠢ ᠶᠢᠨ ᠬᠠᠤᠯᠢ ᠶᠣᠰᠣᠨ ᠤ ᠡᠷᠬᠡ | ᠠᠰᠢᠭ ᠢ ᠬᠠᠮᠠᠭᠠᠯᠠᠨ ᠪᠠᠲᠤᠯᠠᠵᠤ᠂ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ᠂ ᠲᠤᠬᠠᠶᠢᠯᠠᠭᠰᠠᠨ | ᠠᠵᠢᠯ ᠤᠨ ᠶᠣᠰᠣ ᠮᠣᠷᠠᠯ᠂ ᠦᠢᠯᠡᠴᠢᠯᠡᠭᠡᠨ ᠤ ᠳᠦᠷᠢᠮᠵᠢᠯ᠂ ᠠᠮᠤᠷ ᠲᠦᠪᠰᠢᠨ ᠡᠵᠡᠩᠨᠡᠯᠲᠡ ᠵᠡᠷᠭᠡ ᠲᠠᠯ᠎ᠠ ᠪᠠᠷ ᠠᠵᠢᠯ ᠤᠨ | ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ ᠪᠠ ᠡᠳᠦᠷ ᠲᠤᠲᠤᠮ ᠤᠨ ᠬᠥᠮᠦᠵᠢᠯ ᠢ ᠥᠷᠨᠢᠭᠦᠯᠵᠦ᠂ | ᠰᠦᠯᠵᠢᠶ᠎ᠡ ᠪᠠᠷ ᠦᠢᠯᠡᠴᠢᠯᠡᠭᠡ ᠬᠠᠩᠭᠠᠵᠤ ᠪᠠᠶᠢᠭ᠎ᠠ ᠵᠢᠯᠣᠭᠤᠴᠢ ᠬᠢᠭᠡᠳ ᠰᠦᠯᠵᠢᠶᠡᠨ ᠭᠠᠳᠠᠨ᠎ᠠ ᠪᠣᠳᠠᠲᠠᠶ ᠦᠢᠯᠡᠴᠢᠯᠡᠭᠡ | ᠬᠠᠩᠭᠠᠵᠤ ᠪᠠᠶᠢᠭ᠎ᠠ ᠵᠢᠯᠣᠭᠤᠴᠢ ᠶᠢᠨ ᠨᠢᠭᠡᠳᠦᠯᠲᠡᠶ ᠪᠠᠶᠢᠬᠤ ᠶᠢ ᠪᠠᠲᠤᠯᠠᠬᠤ ᠶᠢᠨ ᠬᠠᠮᠲᠤ᠂ ᠵᠢᠯᠣᠭᠤᠴᠢ ᠶᠢᠨ ᠬᠠᠮᠢᠶ᠎ᠠ ᠪᠥᠬᠦᠶ | ᠮᠡᠳᠡᠭᠡ ᠵᠠᠩᠭᠢ ᠶᠢ ᠦᠢᠯᠡᠴᠢᠯᠡᠭᠡᠨ ᠤ ᠪᠠᠶᠢᠭ᠎ᠠ ᠭᠠᠵᠠᠷ ᠤᠨ ᠲᠦᠷᠢᠶᠡᠰᠦᠨ ᠮᠠᠰᠢᠨ ᠲᠡᠷᠭᠡᠨ ᠤ ᠵᠠᠰᠠᠭ ᠵᠠᠬᠢᠷᠭᠠᠨ ᠤ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ | | ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ ᠵᠡᠭᠦᠨ | ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ ᠬᠤᠰᠢᠭᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 33᠂ 36 ᠳ᠋ᠤᠭᠠᠷ ᠴᠣᠩᠬᠤ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — | 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ | ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ | ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ | ᠲᠡᠷᠭᠡᠨ ᠳᠤ ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠵᠤ ᠵᠡᠭᠦᠨᠰᠢ100 ᠮᠧᠲᠷ | ᠶᠠᠪᠤᠨ᠎ᠠ᠃ | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠰᠢᠯᠵᠢᠭᠦᠯᠦᠨ | ᠣᠷᠴᠢᠭᠤᠯᠪᠠ᠃ | ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw.nmg. | gov.cn/handle_affairs_detail? | item_detail_id=ff80808178c8bfd30178cf175d2d753c®ionCode=150421000000&highlight=personal&record=istrue |