ᠠᠷᠤ ᠬᠤᠷᠴᠢᠨ ᠬᠤᠰᠢᠭᠤ ︽ᠲᠠᠪᠤᠨ ᠨᠢᠭᠡ︾ ᠶᠢᠨ ᠠᠵᠢᠯ ᠤᠨ ᠠᠷᠭ᠎ᠠ ᠶᠢᠨ ᠰᠢᠨ᠎ᠡ ᠶᠢ ᠡᠭᠦᠳᠴᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2021/12/2
      ᠠᠷᠤ ᠬᠤᠷᠴᠢᠨ ᠬᠤᠰᠢᠭᠤ ︽ᠲᠠᠪᠤᠨ ᠨᠢᠭᠡ︾ ᠶᠢᠨ ᠠᠵᠢᠯ ᠤᠨ ᠠᠷᠭ᠎ᠠ ᠶᠢᠨ ᠰᠢᠨ᠎ᠡ ᠶᠢ ᠡᠭᠦᠳᠴᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ 2020 ᠣᠨ ᠳᠤ᠂ ᠠᠷᠤ ᠬᠤᠷᠴᠢᠨ ᠬᠤᠰᠢᠭᠤ ᠤᠯᠠᠭᠠᠨᠬᠠᠳᠠ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠲᠤᠷᠰᠢᠯᠲᠠ ᠶᠢᠨ ᠴᠡᠭ ᠢᠶᠠᠷ ᠲᠣᠭᠲᠠᠭᠠᠭᠳᠠᠪᠠ᠃ ᠠᠷᠤ ᠬᠤᠷᠴᠢᠨ ᠬᠤᠰᠢᠭᠤ ︽ᠲᠠᠪᠤᠨ ᠨᠢᠭᠡ ᠶᠢᠨ ᠠᠵᠢᠯ ᠤᠨ ᠠᠷᠭ᠎ᠠ︾ ︵ᠲᠤᠬᠠᠶᠢᠯᠠᠪᠠᠯ ᠡᠳᠦᠷ ᠪᠦᠷᠢ ᠨᠢᠭᠡ ᠤᠳᠠᠭ᠎ᠠ ᠬᠢᠨᠠᠨ ᠬᠠᠮᠢᠶᠠᠷᠴᠤ ᠪᠠᠶᠢᠭ᠎ᠠ ᠲᠣᠭᠲᠠᠮᠠᠯ ᠴᠡᠭ ᠤᠨ ᠡᠮᠨᠡᠯᠭᠡ ᠶᠢᠨ ᠬᠤᠷᠢᠶ᠎ᠠ ᠶᠢᠨ HIS ᠰᠢᠰᠲ᠋ᠧᠮ ᠢ ᠦᠵᠡᠵᠦ᠂ ᠨᠢᠭᠡ ᠭᠠᠷᠠᠭ ᠲᠤ ᠬᠤᠶᠠᠳᠤᠭᠠᠷ ᠳᠡᠰ ᠤᠨ ᠲᠣᠭᠲᠠᠮᠠᠯ ᠴᠡᠭ ᠤᠨ ᠡᠮᠨᠡᠯᠭᠡ ᠶᠢᠨ ᠬᠤᠷᠢᠶ᠎ᠠ ᠳᠤ ᠰᠠᠭᠤᠵᠤ ᠨᠢᠭᠡ ᠡᠳᠦᠷ ᠬᠢᠨᠠᠨ ᠬᠠᠮᠢᠶᠠᠷᠴᠤ᠂ ᠨᠢᠭᠡ ᠰᠠᠷ᠎ᠠ ᠳᠤ ᠨᠢᠭᠡ ᠤᠳᠠᠭ᠎ᠠ ᠲᠤᠰᠬᠠᠶ ᠪᠠᠶᠢᠴᠠᠭᠠᠯᠲᠠ ᠬᠢᠵᠦ᠂ ᠨᠢᠭᠡ ᠤᠯᠠᠷᠢᠯ ᠳᠤ ᠨᠢᠭᠡ ᠤᠳᠠᠭ᠎ᠠ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠨᠢᠭᠡ ᠵᠢᠯ ᠳᠤ ᠨᠢᠭᠡ ᠤᠳᠠᠭ᠎ᠠ  ᠶᠡᠷᠦᠩᠬᠡᠶᠢᠯᠡᠭᠰᠡᠨ ᠰᠢᠯᠭᠠᠨ ᠦᠨᠡᠯᠡᠯᠲᠡ ᠥᠷᠨᠢᠭᠦᠯᠦᠨ᠎ᠡ︶ ᠶᠢ ᠰᠢᠨ᠎ᠡ ᠪᠠᠷ ᠡᠭᠦᠳᠦᠨ ᠬᠡᠷᠡᠭᠵᠢᠭᠦᠯᠵᠦ᠂ ᠰᠠᠭᠤᠷᠢ ᠮᠥᠩᠭᠦᠨ ᠤ ᠬᠢᠨᠠᠨ ᠬᠠᠮᠢᠶᠠᠷᠤᠯᠲᠠ ᠶᠢᠨ ᠪᠠᠶᠢᠳᠠᠯ ᠢ ᠥᠩᠭᠡᠨ ᠲᠠᠯ᠎ᠠ ᠠᠴᠠ ᠨᠢ  ᠵᠠᠰᠠᠵᠤ  ᠪᠠᠶᠢᠭᠰᠠᠨ  ᠠᠴᠠ  ᠦᠨᠳᠦᠰᠦ  ᠠᠴᠠ  ᠨᠢ  ᠵᠠᠰᠠᠬᠤ  ᠳᠠᠰᠢ ᠬᠤᠪᠢᠷᠠᠭᠤᠯᠬᠤ ᠶᠢ ᠪᠡᠶᠡᠯᠡᠭᠦᠯᠪᠡ᠃ ᠣᠲᠣ ᠪᠣᠯᠲᠠᠯ᠎ᠠ᠂ ᠪᠥᠬᠦ ᠬᠤᠰᠢᠭᠤᠨ ᠤ 34 ᠲᠣᠭᠲᠠᠮᠠᠯ ᠴᠡᠭ ᠤᠨ ᠡᠮᠨᠡᠯᠭᠡ ᠶᠢᠨ ᠬᠤᠷᠢᠶ᠎ᠠ ᠳᠤ 3 ᠤᠳᠠᠭ᠎ᠠ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ 2 ᠡᠮᠨᠡᠯᠭᠡ ᠶᠢᠨ ᠬᠤᠷᠢᠶ᠎ᠠ ᠳᠤ 1 ᠤᠳᠠᠭ᠎ᠠ ᠲᠤᠰᠬᠠᠶ ᠪᠠᠶᠢᠴᠠᠭᠠᠯᠲᠠ ᠬᠢᠵᠦ᠂ 15 ᠲᠣᠭᠲᠠᠮᠠᠯ ᠴᠡᠭ ᠤᠨ ᠡᠮᠨᠡᠯᠭᠡ ᠶᠢᠨ ᠬᠤᠷᠢᠶ᠎ᠠ ᠶᠢ ᠰᠢᠢᠳᠬᠡᠨ ᠲᠣᠷᠭᠠᠵᠤ᠂ 8 ᠡᠮᠨᠡᠯᠭᠡ ᠶᠢᠨ ᠬᠤᠷᠢᠶ᠎ᠠ ᠲᠠᠢ ᠪᠣᠯᠵᠣᠨ ᠶᠠᠷᠢᠯᠴᠠᠵᠤ᠂ ᠲᠣᠭᠲᠠᠭᠠᠯ ᠵᠥᠷᠢᠴᠡᠭᠰᠡᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ 102.61 ᠲᠦᠮᠡᠨ ᠲᠥᠭᠦᠷᠢᠭ ᠰᠠᠭᠤᠯᠭᠠᠨ ᠲᠣᠷᠭᠠᠪᠠ᠃ ᠪᠥᠬᠦ ᠬᠤᠰᠢᠭᠤᠨ ᠤ 180 ᠲᠣᠭᠲᠠᠮᠠᠯ ᠴᠡᠭ ᠤᠨ ᠡᠮ ᠤᠨ ᠳᠡᠯᠭᠡᠭᠦᠷ ᠲᠤ 2 ᠤᠳᠠᠭ᠎ᠠ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ 7 ᠭᠠᠵᠠᠷ ᠤᠨ ᠡᠮᠨᠡᠯᠭᠡ ᠶᠢᠨ ᠳᠠᠭᠠᠳᠬᠠᠯ ᠤᠨ ᠬᠡᠯᠡᠯᠴᠡᠭᠡᠷ ᠢ ᠵᠣᠭᠰᠣᠭᠠᠵᠤ᠂ 10 ᠭᠠᠵᠠᠷ ᠤᠨ ᠡᠮᠨᠡᠯᠭᠡ ᠶᠢᠨ ᠳᠠᠭᠠᠳᠬᠠᠯ ᠤᠨ ᠺᠠᠷᠲ ᠬᠡᠷᠡᠭᠯᠡᠬᠦ ᠶᠢ ᠲᠦᠷ ᠵᠣᠭᠰᠣᠭᠠᠪᠠ᠃ ᠭᠠᠳᠠᠷ ᠰᠢᠷᠬ᠎ᠠ ᠶᠢ 635 ᠬᠥᠮᠦᠨ ᠤᠳᠠᠭ᠎ᠠ ᠪᠠᠶᠢᠴᠠᠭᠠᠵᠤ᠂ ᠭᠤᠷᠪᠠᠳᠠᠬᠢ ᠡᠲᠡᠭᠡᠳ ᠤᠨ ᠬᠠᠷᠢᠭᠤᠴᠠᠯᠭ᠎ᠠ ᠠᠴᠠ ᠪᠣᠯᠵᠤ ᠵᠠᠷᠤᠳᠠᠯ ᠭᠠᠷᠭᠠᠵᠤ ᠲᠠᠩᠰᠠ ᠲᠠᠶᠢᠯᠬᠤ ᠥᠬᠡᠶ ᠪᠠᠶᠢᠳᠠᠯ ᠢ ᠮᠠᠭᠠᠳᠯᠠᠨ ᠲᠣᠭᠲᠠᠭᠠᠭᠰᠠᠨ  ᠨᠢ 23 ᠬᠦᠮᠦᠨ ᠤᠳᠠᠭ᠎ᠠ ᠬᠦᠷᠴᠦ᠂ ᠬᠤᠯᠪᠣᠭᠳᠠᠭᠰᠠᠨ ᠡᠮ ᠡᠮᠨᠡᠯᠭᠡ ᠶᠢᠨ ᠵᠠᠷᠤᠳᠠᠯ ᠤᠨ ᠪᠥᠬᠦ ᠲᠤᠭ᠎ᠠ 80 ᠭᠠᠷᠤᠶ ᠲᠦᠮᠡᠨ ᠲᠥᠭᠦᠷᠢᠭ ᠲᠤ ᠬᠦᠷᠴᠡᠶ᠃
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号