ᠣᠶᠢᠷ᠎ᠠ ᠳᠤ᠂ ᠤᠯᠤᠰ ᠤᠨ ᠴᠠᠬᠢᠯᠭᠠᠨ ᠲᠣᠣᠷᠵᠢᠯ ᠤᠨ ᠠᠷᠤ ᠬᠤᠷᠴᠢᠨ ᠬᠤᠰᠢᠭᠤᠨ ᠤ ᠴᠠᠬᠢᠯᠭᠠᠨ | ᠬᠠᠩᠭᠠᠬᠤ ᠺᠣᠮᠫᠠᠨᠢ ᠨᠢ ᠠᠷᠤ ᠬᠤᠷᠴᠢᠨ ᠬᠤᠰᠢᠭᠤᠨ ᠤ ᠠᠵᠤ ᠦᠢᠯᠡᠳᠪᠦᠷᠢ ᠪᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠣᠪᠴᠢᠶ᠎ᠠ ᠲᠠᠢ ᠴᠠᠬᠢᠯᠭᠠᠨ ᠬᠦᠴᠦᠨ + ᠲᠣᠮᠣ ᠳ᠋ᠠᠶᠢᠲ᠋ᠠ ᠶᠢᠨ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃ | ᠠᠷᠤ ᠬᠤᠷᠴᠢᠨ ᠬᠤᠰᠢᠭᠤᠨ ᠤ ᠭᠠᠵᠠᠷ ᠣᠷᠣᠨ ᠤ ᠴᠠᠷᠭᠠᠰᠤ ᠶᠢᠨ ᠡᠬᠢ ᠪᠠᠶᠠᠯᠢᠭ ᠭᠦᠨ ᠵᠤᠵᠠᠭᠠᠨ᠂ ᠣᠷᠣᠨ | ᠪᠠᠶᠢᠷᠢ ᠶᠢᠨ ᠳᠠᠪᠠᠭᠤᠯᠢᠭ ᠲᠣᠪᠤᠶᠢᠮ᠎ᠠ᠂ ᠬᠥᠭᠵᠢᠯᠲᠡ ᠶᠢᠨ ᠨᠥᠭᠡᠴᠡ ᠬᠦᠴᠦᠨ ᠲᠡᠭᠦᠯᠳᠡᠷ ᠪᠠᠶᠢᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠠᠷᠤ ᠬᠤᠷᠴᠢᠨ ᠬᠤᠰᠢᠭᠤᠨ ᠤ ︽ᠳᠤᠮᠳᠠᠳᠤ ᠤᠯᠤᠰ ᠤᠨ | ᠡᠪᠡᠰᠦᠨ ᠤ ᠰᠠᠭᠤᠷᠢᠨ︾ ᠤ ᠨᠠᠷᠠᠲᠤ ᠲᠡᠮᠳᠡᠭ ᠢ ᠦᠷᠭᠦᠯᠵᠢᠯᠡᠨ ᠡᠭᠦᠳᠬᠦ ᠪᠣᠯᠤᠨ᠎ᠠ᠃ ᠺᠣᠮᠫᠠᠨᠢ | ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ᠂ ᠤᠯᠤᠰ ᠲᠥᠷᠥ ᠶᠢ ᠡᠷᠬᠢᠮᠯᠡᠬᠦ᠂ ᠶᠡᠭᠡ ᠲᠠᠯ᠎ᠠ ᠶᠢ ᠬᠠᠷᠠᠭᠠᠯᠵᠠᠬᠤ | ᠵᠠᠷᠴᠢᠮ ᠢᠶᠠᠷ ᠠᠵᠤ ᠠᠬᠤᠶᠢᠯᠠᠯ ᠤᠨ ᠲᠣᠰ ᠪᠡᠶ᠎ᠡ ᠶᠢᠨ ᠳᠠᠪᠠᠭᠤᠯᠢᠭ ᠪᠠ ᠬᠥᠭᠵᠢᠯᠲᠡ ᠶᠢᠨ ᠴᠢᠭᠯᠡᠯ ᠢᠶᠠᠨ ᠠᠷᠤ | ᠬᠤᠷᠴᠢᠨ ᠬᠤᠰᠢᠭᠤᠨ ᠤ ᠪᠣᠳᠠᠲᠤ ᠬᠡᠷᠡᠭᠴᠡᠭᠡ ᠪᠠ ᠬᠥᠭᠵᠢᠯᠲᠡ ᠶᠢᠨ ᠬᠠᠷᠠᠯᠲᠠ ᠳᠤ ᠲᠠᠰᠤᠷᠠᠯᠲᠠ ᠥᠬᠡᠶ | ᠣᠷᠣᠭᠤᠯᠪᠠ᠃ ᠤᠯᠤᠰ ᠲᠥᠷᠥ ᠪᠠᠷ ᠶᠡᠷᠦᠩᠬᠡᠶᠢᠯᠡᠨ ᠵᠢᠯᠣᠭᠤᠳᠬᠤ ᠶᠢ ᠪᠠᠷᠢᠮᠲᠠᠯᠠᠬᠤ᠂ ᠰᠢᠨ᠎ᠡ ᠶᠢ ᠡᠭᠦᠳᠬᠦ ᠪᠠᠷ | ᠬᠥᠲᠥᠯᠦᠨ ᠳᠠᠭᠠᠭᠤᠯᠬᠤ ᠶᠢ ᠳᠣᠪᠤᠶᠢᠯᠭᠠᠬᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠠᠰᠢᠭ | ᠣᠯᠭᠤᠵᠤ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠬᠦ ᠵᠠᠷᠴᠢᠮ ᠢ ᠪᠠᠷᠢᠮᠲᠠᠯᠠᠨ᠂ ᠠᠷᠤ ᠬᠤᠷᠴᠢᠨ ᠬᠤᠰᠢᠭᠤᠨ ᠤ | ᠠᠵᠤ ᠦᠢᠯᠡᠪᠦᠷᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠲᠠᠢ ᠬᠦᠭᠵᠢᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠣᠷᠳᠣ ᠬᠤᠭᠤᠴᠠᠭᠠᠨ ᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ | ᠬᠠᠷᠢᠴᠠᠭ᠎ᠠ ᠶᠢ ᠪᠠᠶᠢᠭᠤᠯᠪᠠ᠃ ᠬᠠᠮᠲᠤᠷᠠᠯᠴᠠᠭᠠᠨ ᠤ ᠵᠥᠪᠯᠡᠯᠴᠡᠭᠡᠷ ᠤᠨ ᠠᠭᠤᠯᠭ᠎ᠠ ᠶᠢ ᠦᠨᠳᠦᠰᠦᠯᠡᠨ᠂ ᠠᠷᠤ | ᠬᠤᠷᠴᠢᠨ ᠬᠤᠰᠢᠭᠤᠨ ᠤ ᠴᠠᠬᠢᠯᠭᠠᠨ ᠬᠦᠴᠦᠨ + ᠲᠣᠮᠣ ᠳ᠋ᠠᠶᠢᠲ᠋ᠠ ᠵᠢᠴᠢ ︽5G + ᠤᠶᠤᠨᠲᠤ ᠴᠠᠬᠢᠯᠭᠠᠨ | ᠲᠣᠣᠷᠵᠢᠯ︾ ᠤᠨ ᠠᠵᠤ ᠦᠢᠯᠡᠰ ᠤᠨ ᠲᠠᠰ ᠤᠨ ᠬᠡᠷᠡᠭᠯᠡᠭᠡ ᠶᠢ ᠬᠠᠮᠲᠤᠪᠠᠷ ᠠᠬᠢᠭᠤᠯᠵᠤ᠂ ᠬᠠᠮᠲᠤᠷᠠᠯᠴᠠᠭᠠᠨ ᠤ | ᠬᠦᠷᠢᠶ᠎ᠡ ᠶᠢ ᠲᠠᠰᠤᠷᠠᠯᠲᠠ ᠥᠬᠡᠶ ᠥᠷᠭᠡᠳᠬᠡᠨ᠂ ᠬᠠᠮᠲᠤᠷᠠᠯᠴᠠᠭᠠᠨ ᠤ ᠠᠭᠤᠯᠭ᠎ᠠ ᠶᠢ ᠭᠦᠨᠵᠡᠭᠡᠶᠢᠷᠡᠭᠦᠯᠵᠦ᠂ | ᠬᠠᠮᠲᠤᠷᠠᠯᠴᠠᠭᠠᠨ ᠤ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠪᠣᠯᠣᠨ᠎ᠠ᠃ | ᠣᠶᠢᠯᠠᠭᠠᠭᠰᠠᠨ ᠢᠶᠠᠷ᠂ ᠲᠣᠰ ᠺᠣᠮᠫᠠᠨᠢ ᠴᠠᠬᠢᠯᠭᠠᠨ ᠬᠦᠴᠦᠨ ᠤ ᠥᠷᠲᠡᠭᠡ ᠶᠢᠨ ᠬᠠᠶ᠋ᠢᠭ ᠢ ᠨᠡᠭᠡᠭᠡᠨ ᠬᠠᠮᠲᠤᠪᠠᠷ | ᠡᠳ᠋ᠯᠡᠬᠦ ᠶᠢ ᠦᠷᠭᠦᠯᠵᠢᠯᠡᠨ ᠲᠦᠷᠭᠡᠳᠬᠡᠵᠦ᠂ ᠴᠠᠬᠢᠯᠭᠠᠨ ᠬᠦᠴᠦᠨ ᠤ ᠪᠠᠭᠠᠨ᠎ᠠ ︵ᠰᠤᠪᠤᠷᠭ᠎ᠠ︶ ᠶᠢᠨ ᠡᠬᠢ ᠪᠠᠶᠠᠯᠢᠭ ᠢ | ᠶᠡᠷᠦᠩᠬᠡᠶᠢᠯᠡᠨ ᠠᠰᠢᠭᠯᠠᠬᠤ᠂ ︽ᠴᠠᠬᠢᠯᠭᠠᠨ ᠬᠦᠴᠦᠨ + 5G︾ ᠬᠠᠮᠲᠤᠪᠠᠷ ᠡᠳ᠋ᠯᠡᠬᠦ ᠮᠠᠰᠢᠨ ᠤ ᠬᠡᠷ ᠤᠨ | ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ︽5G + ᠤᠶᠤᠨᠲᠤ ᠴᠠᠬᠢᠯᠭᠠᠨ ᠲᠤᠤᠷᠵᠢᠯ︾ ᠤᠨ ᠬᠡᠷᠡᠭᠯᠡᠭᠡᠨ ᠤ | ᠲᠠᠯᠠᠪᠤᠷ ᠢ ᠬᠠᠶᠢᠨ ᠰᠦᠪᠡᠭᠴᠢᠯᠡᠵᠦ᠂ ︽ᠡᠨᠧᠷᠭᠢ + ᠴᠢᠮᠡᠭᠡ ᠬᠤᠯᠪᠣᠭ᠎ᠠ︾ ᠶᠢᠨ ᠰᠢᠨ᠎ᠡ ᠶᠢ ᠡᠭᠦᠳᠬᠦ | ᠠᠮᠢᠵᠢᠷᠠᠯ ᠤᠨ ᠬᠦᠴᠦᠨ ᠢ ᠪᠥᠬᠦ ᠲᠠᠯ᠎ᠠ ᠪᠠᠷ ᠬᠥᠭᠵᠢᠭᠡᠵᠦ᠂ ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ᠂ | ᠦᠵᠡᠰᠬᠦᠯᠡᠩᠲᠦ ᠰᠠᠶᠢᠬᠠᠨ ᠠᠷᠤ ᠬᠤᠷᠴᠢᠨ ᠬᠤᠰᠢᠭᠤᠨ ᠤ ᠪᠥᠲᠥᠭᠡᠨ ᠪᠠᠶᠢᠭᠤᠯᠤᠯᠲᠠ ᠳᠤ ᠬᠠᠮᠲᠤᠪᠠᠷ ᠡᠨᠧᠷᠭᠢ | ᠨᠡᠮᠡᠷᠢᠯᠡᠬᠦ ᠪᠤᠯᠤᠨ᠎ᠠ᠃ ︵ᠼᠤᠤ ᠰᠢᠶᠤᠤ ᠳ᠋ᠦᠩ︶ | | |