ᠠᠷᠤ ᠬᠤᠷᠴᠢᠨ ᠬᠤᠰᠢᠭᠤ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠨᠡᠶᠢᠭᠡᠮ ᠤᠨ ᠠᠪᠤᠷᠠᠨ ᠲᠤᠰᠠᠯᠠᠬᠤ  ᠲᠤᠰᠠᠯᠠᠭᠴᠢ ᠶᠢᠨ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2021/12/3
       ᠠᠷᠤ ᠬᠤᠷᠴᠢᠨ ᠬᠤᠰᠢᠭᠤ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠨᠡᠶᠢᠭᠡᠮ ᠤᠨ ᠠᠪᠤᠷᠠᠨ ᠲᠤᠰᠠᠯᠠᠬᠤ ᠲᠤᠰᠠᠯᠠᠭᠴᠢ ᠶᠢᠨ ᠪᠣᠯᠪᠠᠰᠤᠷᠠᠯ ᠤᠨ ᠠᠩᠭᠢ ᠡᠷᠬᠢᠯᠡᠪᠡ᠃ ᠦᠨᠳᠦᠰᠦᠨ ᠱᠠᠲᠤᠨ ᠤ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠰᠠᠭᠤᠷᠢ ᠶᠢ ᠪᠠᠬᠢᠵᠢᠭᠦᠯᠵᠦ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠠᠷᠠᠳ ᠤᠨ ᠶᠠᠪᠤᠳᠠᠯ ᠤᠨ ᠲᠤᠬᠠᠶᠢᠯᠠᠭᠰᠠᠨ ᠠᠵᠢᠯ ᠤᠨ ᠪᠠᠲᠤᠯᠠᠭ᠎ᠠ ᠶᠢᠨ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠶᠠᠳᠠᠭᠤ ᠠᠴᠠ ᠠᠩᠭᠢᠵᠢᠷᠠᠭᠤᠯᠬᠤ  ᠪᠣᠭᠤᠮᠳᠡ ᠰᠢᠪᠳᠣᠯᠬᠤ ᠶᠢᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠶᠢ ᠪᠠᠬᠢᠵᠢᠭᠦᠯᠦᠨ ᠥᠷᠭᠡᠳᠬᠡᠵᠦ᠂ ᠨᠡᠶᠢᠭᠡᠮ ᠤᠨ ᠠᠪᠤᠷᠠᠨ ᠲᠤᠰᠠᠯᠠᠬᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠠᠷᠤ ᠬᠤᠷᠴᠢᠨ ᠬᠤᠰᠢᠭᠤ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠨᠡᠶᠢᠭᠡᠮ ᠤᠨ ᠠᠪᠤᠷᠠᠨ ᠲᠤᠰᠠᠯᠠᠬᠤ ᠲᠤᠰᠠᠯᠠᠭᠴᠢ ᠶᠢᠨ ᠪᠣᠯᠪᠠᠰᠤᠷᠠᠯ ᠤᠨ ᠠᠩᠭᠢ ᠡᠷᠭᠢᠯᠡᠪᠡ᠃ 16 ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠠᠷᠠᠳ ᠤᠨ ᠶᠠᠪᠤᠳᠠᠯ ᠤᠨ ᠠᠯᠪᠠᠨ ᠬᠡᠷ ᠤᠨ ᠡᠷᠬᠢᠯᠡᠭᠴᠢ ᠵᠢᠴᠢ ᠠᠵᠢᠯᠲᠠᠨ᠂ 245 ᠭᠠᠴᠠᠭ᠎ᠠ ᠲᠣᠰᠬᠤᠨ᠂ 17 ᠬᠠᠮᠲᠤ ᠶᠢᠨ ᠠᠵᠤ ᠠᠬᠤᠶ ᠶᠢᠨ ᠬᠤᠯᠪᠣᠭᠠᠲᠤ ᠬᠤᠷᠰᠢᠶ᠎ᠠ᠂ 14 ᠨᠡᠶᠢᠭᠡᠮ ᠲᠣᠭᠤᠷᠢᠭ ᠤᠨ ᠨᠡᠶᠢᠭᠡᠮ ᠤᠨ ᠠᠪᠤᠷᠠᠨ ᠲᠤᠰᠠᠯᠠᠬᠤ ᠲᠤᠰᠠᠯᠠᠭᠴᠢ ᠵᠡᠷᠭᠡ 320 ᠬᠥᠮᠦᠨ ᠲᠣᠰ ᠤᠳᠠᠭᠠᠨ ᠤ ᠪᠣᠯᠪᠠᠰᠤᠷᠠᠭᠤᠯᠤᠯ ᠳᠤ ᠣᠷᠣᠯᠴᠡᠪᠡ᠃
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号