ᠠᠷᠤ ᠬᠤᠷᠴᠢᠨ ᠬᠤᠰᠢᠭᠤ ᠪᠥᠬᠦ ᠠᠷᠠᠳ ᠤᠨ ᠬᠠᠤᠯᠢ ᠪᠠᠷ ᠵᠠᠰᠠᠬᠤ ᠦᠵᠡᠯᠲᠡ  ᠶᠢ ᠴᠢᠩᠭᠠᠳᠬᠠᠵᠤ᠂ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠪᠠ
ᠨᠡᠶᠢᠲᠡᠯᠡᠭᠰᠡᠨ ᠴᠠᠭ᠄
2021/12/3
     ᠠᠷᠤ ᠬᠤᠷᠴᠢᠨ ᠬᠤᠰᠢᠭᠤ ᠪᠥᠬᠦ ᠠᠷᠠᠳ ᠤᠨ ᠬᠠᠤᠯᠢ ᠪᠠᠷ ᠵᠠᠰᠠᠬᠤ ᠦᠵᠡᠯᠲᠡ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠪᠠ᠃ ᠨᠢᠭᠡ ᠳᠤ᠂ ︽ᠢᠨᠲ᠋ᠧᠷ ᠰᠦᠯᠵᠢᠶ᠎ᠡ + ᠬᠠᠤᠯᠢ ᠪᠠᠷ ᠵᠠᠰᠠᠬᠤ ᠤᠬᠠᠭᠤᠯᠭ᠎ᠠ︾ ᠶᠢ ᠭᠦᠨᠵᠡᠭᠡᠶ ᠲᠦᠯᠬᠢᠨ ᠠᠬᠢᠭᠤᠯᠪᠠ᠃ ︽ᠬᠠᠤᠯᠢ ᠪᠠᠷ ᠵᠠᠰᠠᠬᠤ ᠪᠢᠴᠢᠯ ᠬᠢᠴᠢᠶᠡᠯ ᠤᠨ ᠲᠠᠩᠬᠢᠮ︾ ᠭᠡᠬᠦ ᠰᠢᠷᠢᠰ ᠬᠠᠤᠯᠢ ᠶᠢᠨ ᠬᠢᠴᠢᠶᠡᠯ ᠤᠨ ᠲᠤᠰᠬᠠᠶ ᠪᠤᠯᠤᠩ ᠭᠠᠷᠭᠠᠵᠤ᠂ ᠨᠡᠶᠢᠭᠡᠮ ᠨᠡᠶᠢᠲᠡ ᠳᠤ ᠤᠬᠠᠭᠤᠯᠭ᠎ᠠ ᠬᠢᠵᠦ᠂ ᠮᠠᠯᠴᠢᠨ ᠲᠠᠷᠢᠶᠠᠴᠢᠨ ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠶᠢᠨ ᠮᠡᠳᠡᠯᠭᠡ ᠶᠢ ︽ᠠᠷᠤ ᠬᠤᠷᠴᠢᠨ ᠤ ᠠᠯᠠᠭᠠᠨ ᠳᠡᠭᠡᠷᠡᠬᠢ 12348︾ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠢᠶᠠᠷ ᠳᠠᠮᠵᠢᠭᠤᠯᠤᠨ ᠨᠡᠶᠢᠭᠡᠮ ᠨᠡᠶᠢᠲᠡ ᠳᠤ ᠤᠬᠠᠭᠤᠯᠭ᠎ᠠ ᠬᠢᠪᠡ᠃ ᠵᠢᠯ ᠤᠨ ᠡᠬᠢᠨ ᠠᠴᠠ ᠨᠠᠰᠢ ︽ᠠᠷᠤ ᠬᠤᠷᠴᠢᠨ ᠤ ᠠᠯᠠᠭᠠᠨ ᠳᠡᠭᠡᠷᠡᠬᠢ 12348︾ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠨᠢ ᠪᠥᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠤᠨ ᠨᠥᠯᠥᠭᠡᠯᠡᠬᠦ ᠬᠦᠴᠦᠨ ᠤ ᠨᠡᠷᠡᠰ ᠤᠨ ᠵᠢᠭᠰᠠᠭᠠᠯᠲᠠ ᠳᠤ ᠢᠮᠠᠭᠲᠠ ᠨᠢᠭᠡᠳᠦᠭᠡᠷ ᠲᠤ ᠵᠢᠭᠰᠠᠭᠠᠭᠳᠠᠭᠰᠠᠭᠠᠷ ᠢᠷᠡᠪᠡ᠃ ᠬᠤᠶᠠᠷ ᠲᠤ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠬᠠᠮᠤᠷᠬᠤ ᠬᠡᠪᠴᠢᠶ᠎ᠡ ᠶᠢ ᠦᠷᠭᠡᠳᠬᠡᠪᠡ᠃ ᠬᠠᠤᠯᠢ ᠪᠠᠷ  ᠵᠠᠰᠠᠬᠤ  ᠤᠯᠠᠭᠠᠨᠮᠥ᠋ᠴᠢᠷ᠂  ᠬᠠᠤᠯᠢᠴᠢ᠂  ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠦᠴᠦᠨ ᠢ ᠵᠣᠬᠢᠶᠠᠨ ᠪᠠᠶᠢᠭᠤᠯᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠡᠯ᠎ᠡ ᠲᠦᠷᠦᠯ ᠤᠨ ᠤᠬᠠᠭᠤᠯᠭ᠎ᠠ ᠶᠢᠨ ᠠᠵᠢᠯᠯᠠᠭ᠎ᠠ ᠶᠢ 20 ᠭᠠᠷᠤᠢ ᠲᠠᠯᠠᠪᠤᠷ ᠤᠳᠠᠭ᠎ᠠ ᠥᠷᠨᠢᠭᠦᠯᠵᠦ᠂ ᠤᠬᠠᠭᠤᠯᠭ᠎ᠠ ᠶᠢᠨ ᠮᠠᠲ᠋ᠧᠷᠢᠶᠠᠯ ᠢ 2.6 ᠲᠦᠮᠡ ᠭᠠᠷᠤᠢ ᠬᠤᠪᠢ ᠲᠠᠷᠬᠠᠭᠠᠵᠤ᠂ ᠬᠠᠤᠯᠢ ᠴᠠᠭᠠᠵᠠ ᠶᠢᠨ ᠵᠥᠪᠯᠡᠯᠭᠡ ᠪᠠ ᠬᠠᠤᠯᠢ ᠴᠠᠭᠠᠵᠠ ᠶᠢᠨ ᠲᠤᠰᠠᠯᠠᠮᠵᠢ ᠶᠢ 90 ᠭᠠᠷᠤᠢ ᠬᠥᠮᠦᠨ ᠤᠳᠠᠭ᠎ᠠ ᠬᠠᠩᠭᠠᠪᠠ᠃ ᠰᠤᠷᠭᠠᠭᠤᠯᠢ ᠶᠢᠨ ᠬᠦᠷᠢᠶᠡᠨ ᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠨᠡᠶᠢᠲᠡ 80 ᠭᠠᠷᠤᠶ ᠤᠳᠠᠭ᠎ᠠ ᠥᠷᠨᠢᠭᠦᠯᠵᠦ᠂ ᠪᠠᠭᠰᠢ ᠰᠣᠷᠣᠭᠴᠢ ᠶᠢ ᠬᠠᠮᠤᠷᠤᠭᠰᠠᠨ ᠬᠥᠮᠦᠨ ᠤ ᠲᠤᠭ᠎ᠠ 1.6 ᠲᠦᠮᠡ ᠭᠠᠷᠤᠶ ᠬᠥᠮᠦᠨ ᠤᠳᠠᠭ᠎ᠠ ᠳᠤ ᠬᠥᠷᠪᠡ᠃ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ ᠤᠨ ᠦᠢᠯᠡᠳᠦᠯ ᠢ ᠪᠠᠳᠠᠷᠠᠭᠤᠯᠵᠤ᠂ ᠵᠢᠯ ᠤᠨ ᠡᠬᠢᠨ ᠠᠴᠠ ᠨᠠᠰᠢ᠂ ᠡᠯ᠎ᠡ ᠱᠠᠲᠤᠨ ᠤ ᠤᠳᠤᠷᠢᠳᠤᠯᠭ᠎ᠠ ᠵᠢᠴᠢ ᠰᠤᠷᠤᠭᠴᠢᠳ ᠤᠨ ᠲᠣᠭᠤᠷᠢᠨ ᠦᠵᠡᠬᠦ ᠶᠢ ᠬᠦᠯᠢᠶᠡᠨ ᠠᠪᠴᠤ᠂ ᠨᠡᠶᠢᠳᠡ 86 ᠪᠦᠯᠦᠭ ᠤᠳᠠᠭ᠎ᠠ ᠶᠢᠨ 3226 ᠬᠥᠮᠦᠨ ᠢ ᠪᠣᠯᠪᠠᠰᠤᠷᠠᠭᠤᠯᠪᠠ᠃ ᠭᠤᠷᠪᠠ ᠳᠤ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠪᠠ᠃ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠮᠡᠳᠡᠭᠦᠯᠦᠯᠲᠡ ᠶᠢ ᠦᠨᠡᠯᠡᠨ ᠶᠠᠷᠢᠯᠴᠠᠬᠤ ᠪᠠ ᠢᠯᠡ ᠪᠠᠷ ᠵᠠᠷᠯᠠᠨ ᠮᠡᠳᠡᠭᠳᠡᠬᠦ ᠲᠦᠷᠢᠮ ᠢ ᠪᠠᠶᠢᠭᠤᠯᠵᠤ᠂ ᠡᠯ᠎ᠡ ᠰᠠᠯᠠᠭ᠎ᠠ  ᠮᠥᠴᠢᠷ᠂  ᠡᠯ᠎ᠡ  ᠠᠵᠢᠯ  ᠲᠦᠷᠦᠯ  ᠤᠨ  ᠬᠢᠨ  ᠨᠡᠶᠢᠭᠡᠮ ᠳᠠᠶᠠᠭᠠᠷ ᠲᠤ ᠲᠤᠰ ᠰᠠᠯᠠᠭ᠎ᠠ ᠮᠥᠴᠢᠷ᠂ ᠲᠤᠰ ᠠᠵᠢᠯ ᠲᠦᠷᠦᠯ ᠳᠤ ᠬᠤᠯᠪᠣᠭᠳᠠᠭᠰᠠᠨ᠂ ᠬᠡᠷᠡᠭᠵᠢᠭᠦᠯᠦᠭᠰᠡᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠪᠠ᠃ ᠵᠢᠯ ᠤᠨ ᠡᠬᠢᠨ ᠠᠴᠠ ᠨᠠᠰᠢ᠂ ᠡᠯ᠎ᠡ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠢᠨ ᠤᠬᠠᠭᠤᠯᠬᠤ ᠲᠡᠷᠭᠡ ᠶᠢ 100 ᠭᠠᠷᠤᠢ ᠤᠳᠠᠭ᠎ᠠ ᠬᠥᠳᠡᠯᠭᠡᠵᠦ᠂ ᠤᠬᠠᠭᠤᠯᠭ᠎ᠠ ᠶᠢᠨ ᠬᠥᠨᠳᠡᠯᠡᠨ ᠢᠯᠡᠷᠬᠡᠶᠢᠯᠡᠯ ᠢ 200 ᠭᠠᠷᠤᠢ ᠡᠯᠭᠦᠵᠦ᠂ ᠤᠬᠠᠭᠤᠯᠭ᠎ᠠ ᠶᠢᠨ ᠮᠡᠳᠡᠯᠭᠡ ᠶᠢᠨ ᠭᠠᠷ ᠳᠡᠪᠲᠡᠷ ᠢ 30000 ᠭᠠᠷᠤᠢ ᠳᠡᠪᠲᠡᠷ ᠲᠠᠷᠬᠠᠭᠠᠵᠤ᠂ ᠤᠬᠠᠭᠤᠯᠭ᠎ᠠ ᠶᠢᠨ ᠬᠠᠭᠤᠳᠠᠰᠤ ᠶᠢ 4 ᠲᠥᠮᠡ ᠭᠠᠷᠤᠢ ᠬᠤᠪᠢ ᠲᠠᠷᠬᠠᠭᠠᠵᠤ᠂ ᠬᠠᠤᠯᠢᠵᠢᠯ ᠤᠨ ᠤᠷᠠᠨ ᠰᠠᠶᠢᠬᠠᠨ ᠤ ᠲᠣᠭᠯᠠᠯᠲᠠ ᠶᠢ 10 ᠭᠠᠷᠤᠢ ᠲᠠᠯᠠᠪᠠᠢ ᠭᠠᠷᠭᠠᠪᠠ᠃
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号