ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠥᠷᠪᠡᠳᠦᠭᠡᠷ ᠲᠣᠭᠤᠷᠢᠨ ᠪᠠᠶᠢᠴᠠᠭᠠᠵᠤ ᠵᠢᠭᠠᠨ ᠵᠢᠯᠣᠭᠤᠳᠬᠤ ᠳᠤᠭᠤᠶᠢᠯᠠᠩ ᠮᠠᠨ ᠤ ᠬᠤᠰᠢᠭᠤᠨ ᠳᠤ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2021/12/3
       11 ᠰᠠᠷ᠎ᠠ ᠶᠢᠨ 30 ᠤ ᠡᠳᠦᠷ ᠠᠴᠠ 12 ᠰᠠᠷ᠎ᠠ ᠶᠢᠨ 1 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠥᠷᠪᠡᠳᠦᠭᠡᠷ ᠲᠣᠭᠤᠷᠢᠨ ᠪᠠᠶᠢᠴᠠᠭᠠᠬᠤ ᠵᠢᠭᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠹᠧᠩ ᠰᠢ ᠮᠢᠩ ᠪᠦᠯᠬᠦᠮ ᠳᠠᠭᠠᠭᠤᠯᠤᠨ ᠮᠠᠨ ᠤ ᠬᠤᠰᠢᠭᠤᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠠᠷᠤ ᠬᠤᠷᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠢᠦ᠋ᠶ ᠸᠧᠶ ᠳ᠋ᠦᠩ᠂ ᠬᠤᠲᠠ ᠶᠢᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠯᠪᠠᠨ ᠬᠡᠷ ᠤᠨ ᠡᠷᠬᠢᠯᠡᠭᠴᠢ ᠯᠢ ᠽᠦᠩ ᠭᠧ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠸᠧᠶ ᠪᠢᠯᠢᠭ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠰᠦᠨ ᠰᠢᠶᠠᠩ ᠢᠤᠢ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠨᠢᠶᠧ ᠬᠠᠶ ᠮᠢᠩ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠭᠦᠸᠧ ᠹᠧᠩ ᠲᠤᠬᠠᠶ ᠶᠢᠨ ᠭᠠᠵᠠᠷ ᠲᠤ ᠪᠠᠶᠢᠴᠠᠭᠠᠨ ᠰᠤᠳᠤᠯᠤᠯᠲᠠ ᠬᠢᠬᠦ  ᠪᠠ ᠰᠠᠭᠤᠳᠠᠯ ᠤᠨ ᠬᠤᠷᠠᠯ ᠳᠤ ᠣᠷᠣᠯᠴᠠᠪᠠ᠃
       ᠰᠠᠭᠤᠳᠠᠯ ᠤᠨ ᠬᠤᠷᠠᠯ ᠳᠤ᠂ ᠸᠧᠢ ᠪᠢᠯᠢᠭ  ᠬᠤᠰᠢᠭᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠥᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠵᠦ᠂ ᠰᠦᠨ ᠰᠢᠶᠠᠩ ᠢᠤᠢ ᠵᠢᠴᠢ ᠬᠤᠰᠢᠭᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ᠂ ᠬᠤᠰᠢᠭᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠬᠤᠶᠠᠳᠤᠭᠠᠷ ᠳᠤᠭᠤᠶᠢᠯᠠᠩ ᠤᠨ ᠳᠠᠷᠤᠭ᠎ᠠ ᠠᠴᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠰ ᠲᠤᠰ ᠶᠠᠷᠢᠶ᠎ᠠ ᠲᠠᠯᠪᠢᠪᠠ᠃
       ᠹᠧᠩ ᠰᠢ ᠮᠢᠩ ᠮᠠᠨ ᠤ ᠬᠤᠰᠢᠭᠤᠨ ᠤ ᠲᠤᠭᠤᠷᠢᠨ ᠪᠠᠶᠢᠴᠠᠭᠠᠬᠤ ᠠᠵᠢᠯ ᠢ ᠨᠤᠲᠠᠯᠠᠬᠤ ᠶᠢᠨ ᠬᠠᠮᠲᠤ ᠳᠥᠷᠪᠡᠨ ᠱᠠᠭᠠᠷᠳᠠᠯᠭ᠎ᠠ ᠳᠤᠷᠠᠳᠪᠠ᠃ ᠲᠡᠷᠡ ᠱᠠᠭᠠᠷᠳᠠᠭᠰᠠᠨ ᠨᠢ ᠤᠯᠤᠰ ᠲᠥᠷᠥ ᠶᠢᠨ ᠴᠠᠭᠳᠠᠨ ᠪᠠᠶᠢᠴᠠᠭᠠᠯᠲᠠ  ᠶᠢᠨ ᠠᠭᠤᠯᠤᠭᠳᠠᠬᠤᠨ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠨ ᠤᠯᠤᠰ ᠲᠥᠷᠥ ᠶᠢᠨ ᠴᠠᠭᠳᠠᠨ ᠪᠠᠶᠢᠴᠠᠭᠠᠯᠲᠠ ᠶᠢ ᠭᠦᠨᠵᠡᠭᠡᠶᠢᠷᠡᠭᠦᠯᠬᠦ ᠬᠡᠷᠡᠭᠲᠡᠶ︔ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠠᠲᠤᠳᠬᠠᠵᠤ᠂ ᠬᠤᠰᠢᠭᠤᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ︔ ᠰᠢᠨ᠎ᠡ ᠨᠢᠭᠡ ᠬᠤᠭᠤᠴᠠᠭᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠲᠥᠯᠥᠪᠵᠢᠭᠦᠯᠵᠦ᠂ ᠰᠢᠨ᠎ᠡ ᠬᠥᠭᠵᠢᠯᠲᠡ ᠶᠢᠨ ᠱᠠᠲᠤ ᠶᠢ ᠡᠵᠡᠮᠳᠡᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠬᠡᠷᠡᠭᠲᠡᠶ︔ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠪᠠ ᠦᠷ᠎ᠡ ᠪᠦᠲᠦᠭᠡᠯ ᠢ ᠬᠡᠷᠡᠭᠯᠡᠬᠦ ᠶᠢ ᠴᠢᠩᠭᠠᠳᠬᠠᠵᠤ᠂ ᠦᠨᠡᠨ ᠪᠣᠳᠠᠲᠠᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠷ ᠥᠭᠡᠷᠡᠴᠢᠯᠡᠯᠲᠡ ᠶᠢ ᠠᠬᠢᠭᠤᠯᠵᠤ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃
               ᠰᠠᠭᠤᠳᠠᠯ ᠤᠨ ᠬᠤᠷᠠᠯ ᠤᠨ ᠳᠠᠷᠠᠭ᠎ᠠ᠂ ᠪᠠᠶᠢᠴᠠᠭᠠᠨ ᠰᠤᠳᠤᠯᠵᠤ ᠵᠢᠭᠠᠨ ᠵᠢᠯᠣᠭᠤᠳᠬᠤ ᠳᠤᠭᠤᠶᠢᠯᠠᠩ ᠤᠨ  ᠬᠢᠨ ᠤᠷᠢᠳ ᠬᠤᠵᠢᠳ ᠲᠢᠶᠠᠨᠱᠠᠨᠺᠸᠤ ᠪᠠᠯᠭᠠᠰᠤ ᠶᠢᠨ ᠵᠠᠰᠠᠭ ᠤᠨ ᠣᠷᠳᠣᠨ᠂ ᠲᠢᠶᠠᠨᠱᠠᠨᠺᠸᠤ ᠪᠠᠯᠭᠠᠰᠤ ᠶᠢᠨ ᠶᠡᠭᠡ ᠬᠤᠳᠳᠤᠭ ᠲᠣᠰᠬᠤᠨ᠂ ᠬᠤᠰᠢᠭᠤᠨ ᠰᠤᠷᠭᠠᠨ ᠬᠥᠮᠦᠵᠢᠯ ᠤᠨ ᠲᠣᠪᠴᠢᠶ᠎ᠠ᠂ ᠬᠠᠨ ᠠᠭᠤᠯᠠ ᠨᠡᠶᠢᠭᠡᠮ ᠲᠣᠭᠤᠷᠢᠭ᠂ ᠬᠤᠰᠢᠭᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠯᠪᠠᠨ ᠭᠡᠷ ᠢᠶᠠᠷ ᠬᠦᠷᠴᠦ᠂ ᠲᠤᠬᠠᠢ ᠶᠢᠨ ᠭᠠᠵᠠᠷ  ᠲᠤᠨᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠵᠡᠷᠭᠡ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠦᠷ᠎ᠡ ᠪᠦᠲᠦᠭᠡᠯ ᠢ ᠬᠡᠷᠬᠢᠨ ᠰᠠᠶᠢᠲᠤᠷ ᠪᠠᠬᠢᠵᠢᠭᠦᠯᠬᠦ᠂ ᠲᠣᠭᠤᠷᠢᠨ ᠪᠠᠶᠢᠴᠠᠭᠠᠬᠤ ᠠᠵᠢᠯ ᠤᠨ ᠵᠢᠷᠤᠮᠵᠢᠯ ᠳᠦᠷᠢᠮᠵᠢᠯ ᠤᠨ ᠲᠦᠪᠰᠢᠨ ᠢ ᠳᠡᠭᠡᠭᠰᠢᠯᠡᠭᠦᠯᠬᠦ ᠲᠤᠬᠠᠢ ᠵᠢᠯᠣᠭᠤᠳᠬᠤ ᠴᠢᠨᠠᠷᠲᠠᠢ ᠰᠠᠨᠠᠯ ᠳᠤᠷᠠᠳᠴᠠᠢ᠃
       ᠢᠤᠢ ᠸᠧᠢ ᠳ᠋ᠦᠩ ᠠᠴᠠ ᠠᠷᠤ ᠬᠤᠷᠴᠢᠨ ᠬᠤᠰᠢᠭᠤᠨ ᠤ ᠬᠢᠨ ᠤᠯᠤᠰ ᠲᠦᠷᠦ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ  ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠳᠡᠭᠡᠳᠦ ᠱᠠᠲᠤᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠱᠠᠭᠠᠷᠳᠠᠨ ᠵᠢᠯᠣᠭᠤᠳᠬᠤ ᠳᠤᠭᠤᠶᠢᠯᠠᠩ ᠤᠨ ᠳᠤᠷᠠᠳᠤᠭᠰᠠᠨ ᠰᠠᠨᠠᠯ ᠪᠠ ᠱᠠᠭᠠᠷᠳᠠᠯᠭ᠎ᠠ ᠳᠤ ᠨᠠᠷᠢᠨ ᠬᠢᠨᠠᠮᠠᠭᠠᠢ ᠬᠠᠨᠳᠤᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨᠬᠦ ᠰᠠᠶᠢᠲᠤᠷ ᠠᠳᠬᠤᠵᠤ᠂ ᠲᠣᠭᠤᠷᠢᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠭᠡᠵᠦ ᠢᠯᠡᠳᠬᠡᠪᠡ᠃ ︵ᠯᠢᠶᠠᠨ ᠳ᠋ᠧ ᠬᠤᠸᠠ᠂ ᠬᠦᠰᠡᠯ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号