12 ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠤᠬᠠᠭᠤᠯᠬᠤ ᠬᠡᠯᠲᠡᠰ ᠤᠨ ᠳᠠᠷᠤᠭ᠎ᠠ᠂ ᠠᠷᠤ ᠬᠤᠷᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠢᠦ᠋ᠶ ᠸᠧᠶ | ᠳ᠋ᠦᠩ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠠᠷᠪᠠᠨ ᠳᠥᠷᠪᠡᠳᠦᠭᠡᠷ ᠤᠳᠠᠭᠠᠨ ᠤ ᠪᠠᠶᠢᠩᠭᠤ ᠶᠢᠨ | ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ ᠃ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ | ᠣᠷᠣᠯᠠᠭᠴᠢ ᠬᠤᠰᠢᠭᠤᠨ ᠳᠠᠷᠤᠭ᠎ᠠ ᠸᠧᠢ ᠪᠢᠯᠢᠭ ᠵᠡᠷᠭᠡ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠳ ᠬᠤᠷᠠᠯ ᠳᠤ ᠣᠷᠣᠯᠴᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢᠩ ᠾᠧ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ | ᠲᠡᠷᠢᠭᠦᠯᠡᠭᠴᠢ ᠵᠠᠩ ᠴᠧᠨ ᠬᠤᠷᠠᠯ ᠳᠤ ᠰᠤᠯᠠ ᠣᠷᠣᠯᠴᠠᠪᠠ ᠃ | | | | ᠬᠤᠷᠠᠯ ᠠᠴᠠ ᠤᠯᠠᠭᠠᠨᠬᠠᠳᠠ ᠬᠤᠲᠠ ᠶᠢᠨ ᠪᠥᠬᠦ ᠤᠯᠤᠰ ᠤᠨ ᠬᠤᠲᠠ ᠶᠢᠨ ᠬᠡᠪᠴᠢᠶᠡᠨ ᠤ ᠨᠡᠶᠢᠭᠡᠮ ᠤᠨ | ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠬᠢᠷᠢ ᠲᠡᠩᠴᠡᠭᠰᠡᠨ ᠬᠤᠲᠠ ᠶᠢ ᠪᠥᠲᠥᠭᠡᠨ | ᠪᠠᠶᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠬᠤᠲᠠ ᠶᠢᠨ | ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠪᠠ | ᠃ | | | | ᠬᠤᠷᠠᠯ ᠠᠴᠠ᠂ ᠵᠣᠭᠰᠣᠴᠠ ᠪᠠᠨ ᠳᠡᠭᠡᠭᠰᠢᠯᠡᠭᠦᠯᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ | ᠬᠤᠳᠠ ᠲᠣᠭᠤᠷᠢᠭ ᠤᠨ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠠᠵᠢᠯ ᠢ ᠰᠠᠶᠢᠲᠤᠷ ᠬᠢᠬᠦ ᠦᠵᠡᠯ | ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠬᠤ ᠬᠡᠷᠡᠭᠲᠡᠢ᠃ | ᠬᠤᠰᠢᠭᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠰᠢᠨ᠎ᠡ ᠪᠠᠶᠢᠳᠠᠯ ᠳᠣᠤᠷᠠᠬᠢ ᠨᠡᠶᠢᠭᠡᠮ ᠤᠨ ᠵᠠᠰᠠᠯᠲᠠ ᠶᠢ | ᠠᠳᠬᠤᠬᠤ ᠦᠨᠳᠦᠰᠦᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠰᠤᠳᠤᠯᠵᠤ᠂ ᠳᠤᠲᠠᠭᠤᠳᠠᠯ ᠪᠠ ᠪᠠᠭᠤᠷᠠᠶ ᠲᠠᠯ᠎ᠠ ᠪᠠᠨ | ᠨᠥᠬᠦᠪᠥᠷᠢᠯᠡᠵᠦ᠂ ᠲᠣᠤᠷᠵᠢᠭᠤᠯᠤᠭᠰᠠᠨ᠂ ᠭᠡᠷᠡᠵᠢᠭᠦᠯᠦᠭᠰᠡᠨ ᠬᠠᠮᠢᠶᠠᠷᠤᠯᠲᠠ ᠶᠢᠨ ᠠᠮᠵᠢᠯᠲᠠ ᠲᠠᠢ ᠲᠤᠷᠰᠢᠯᠭ᠎ᠠ ᠪᠠ | ᠠᠷᠭ᠎ᠠ ᠬᠢᠳᠡᠯ ᠢ ᠪᠠᠬᠢᠵᠢᠭᠦᠯᠦᠨ ᠪᠠᠳᠠᠷᠠᠭᠤᠯᠵᠤ᠂ ᠠᠮᠤᠷ ᠠᠮᠤᠭᠤᠯᠠᠩ ᠡᠶ᠎ᠡ ᠵᠣᠬᠢᠴᠠᠩᠭᠤᠶ ᠲᠣᠭᠲᠠᠭᠤᠨ ᠨᠡᠶᠢᠭᠡᠮ ᠤᠨ | ᠣᠷᠴᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠬᠡᠷᠡᠭᠲᠡᠶ᠃ ᠠᠷᠠᠳ ᠲᠦᠮᠡᠨ ᠢᠶᠠᠷ ᠭᠤᠤᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠦᠶᠯᠡᠳᠦᠯᠭᠡᠵᠢᠭᠦᠯᠵᠦ᠂ ᠤᠬᠠᠮᠰᠠᠷ ᠠᠴᠠ ᠪᠠᠨ ᠪᠥᠬᠦ ᠲᠠᠯ᠎ᠠ ᠶᠢᠨ | ᠬᠥᠭᠵᠢᠯᠲᠡ ᠶᠢᠨ ᠦᠨᠳᠦᠷᠴᠡ᠂ ᠠᠷᠠᠳ ᠣᠯᠠᠨ ᠤ ᠵᠣᠭᠰᠣᠯᠲᠠ ᠠᠴᠠ ᠠᠷᠤ ᠬᠤᠷᠴᠢᠨ ᠬᠤᠰᠢᠭᠤᠨ ᠤ ᠣᠨᠴᠠᠯᠢᠭ | ᠲᠠᠢ ᠨᠡᠶᠢᠭᠡᠮ ᠤᠨ ᠵᠠᠰᠠᠯᠲᠠ ᠶᠢᠨ ᠰᠢᠨ᠎ᠡ ᠵᠠᠭᠪᠤᠷ ᠢ ᠴᠢᠷᠮᠠᠶᠢᠨ ᠰᠦᠪᠡᠭᠴᠢᠯᠡᠵᠦ᠂ ᠪᠥᠬᠦ ᠬᠤᠰᠢᠭᠤᠨ ᠤ ᠬᠤᠲᠠ | ᠲᠣᠭᠤᠷᠢᠭ ᠤᠨ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠠᠵᠢᠯ ᠤᠨ ᠳᠠᠬᠢᠨ ᠰᠢᠨ᠎ᠡ ᠳᠡᠭᠲᠡᠷ ᠲᠤ | ᠭᠠᠷᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | | | | ᠬᠤᠷᠠᠯ ᠠᠴᠠ ᠪᠥᠬᠦ ᠬᠤᠰᠢᠭᠤᠨ ᠤ ︽ᠱᠠᠯᠢᠭ ᠵᠠᠪᠬᠠᠶ ᠵᠦᠶᠯᠡᠰ ᠢ ᠠᠷᠢᠯᠭᠠᠵᠤ ᠬᠠᠤᠯᠢ ᠪᠤᠰᠤ | ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠪᠠᠶᠢᠳᠠᠯ ᠢ ᠰᠣᠨᠣᠰᠪᠠ ᠃ | | | | ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ︽ᠱᠠᠯᠢᠭ ᠵᠠᠪᠬᠠᠢ ᠵᠦᠢᠯ ᠢ ᠠᠷᠢᠯᠭᠠᠵᠤ ᠬᠠᠤᠯᠢ ᠪᠤᠰᠤ | ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ | ᠭᠦᠢᠴᠡᠳ ᠲᠠᠨᠢᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ ᠪᠠᠷ ︽ᠱᠠᠯᠢᠭ ᠵᠠᠪᠬᠠᠢ ᠵᠦᠢᠯ ᠢ | ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠰᠠᠶᠢᠲᠤᠷ ᠠᠳᠬᠤᠬᠤ ᠬᠡᠷᠡᠭᠲᠡᠢ᠃ | ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ︽ᠱᠠᠯᠢᠭ ᠵᠠᠪᠬᠠᠢ ᠵᠦᠢᠯᠡᠰ ᠢ | ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠡᠯ᠎ᠡ ᠲᠦᠷᠦᠯ ᠤᠨ ᠬᠠᠤᠯᠢ ᠪᠤᠰᠤ ᠬᠤᠣᠷ ᠬᠥᠨᠥᠭᠡᠯ ᠲᠠᠢ | ᠬᠡᠪᠯᠡᠭᠳᠡᠬᠦᠨ ᠢ ᠳᠠᠮᠵᠢᠭᠤᠯᠬᠤ ᠠᠵᠢᠯᠯᠠᠭ᠎ᠠ ᠳᠤ ᠪᠦᠬᠦ ᠲᠠᠯ᠎ᠠ ᠪᠠᠷ ᠭᠦᠨᠵᠡᠭᠡᠢ ᠴᠣᠬᠢᠯᠲᠠ ᠥᠭᠴᠦ᠂ ᠨᠡᠶᠢᠭᠡᠮ ᠤᠨ | ᠰᠣᠶᠣᠯ ᠤᠨ ᠣᠷᠴᠢᠨ ᠢ ᠦᠨᠡᠨᠬᠦ ᠴᠡᠪᠡᠷᠰᠢᠭᠦᠯᠬᠦ ᠬᠡᠷᠡᠭᠲᠡᠢ᠃ ᠵᠢᠷᠤᠮᠵᠢᠭᠰᠠᠨ ᠪᠠᠷᠢᠮᠵᠢᠶᠠᠵᠢᠭᠤᠯᠬᠤ ᠪᠠᠶᠢᠭᠤᠯᠤᠯᠲᠠ | ᠶᠢ ᠤᠯᠠᠮ ᠨᠢᠭᠡ ᠠᠯᠬᠤᠮ ᠴᠢᠩᠭᠠᠳᠬᠠᠨ᠂ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ | ᠵᠠᠷᠤᠳᠠᠯ ᠤᠨ ᠣᠷᠣᠭᠤᠯᠤᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ ᠨᠡᠮᠡᠭᠳᠡᠭᠦᠯᠦᠨ᠂ ︽ᠱᠠᠯᠢᠭ ᠵᠠᠪᠬᠠᠶ | ᠵᠦᠢᠯᠡᠰ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠳᠤ ᠪᠦᠬᠦ | ᠨᠡᠶᠢᠭᠡᠮ ᠤᠨ ᠬᠢᠨ ᠤ ᠠᠩᠬᠠᠷᠤᠯ ᠲᠠᠯᠪᠢᠬᠤ ᠬᠡᠮᠵᠢᠶ᠎ᠡ ᠶᠢ ᠳᠡᠭᠡᠭᠰᠢᠯᠡᠭᠦᠯᠵᠦ᠂ ᠣᠯᠠᠨ ᠢᠶᠠᠷ ᠢᠶᠠᠨ ᠰᠡᠷᠭᠡᠶᠢᠯᠡᠵᠦ | ᠣᠯᠠᠨ ᠢᠶᠠᠷ ᠢᠶᠠᠨ ᠵᠠᠰᠠᠬᠤ ᠰᠠᠶᠢᠨ ᠰᠠᠶᠢᠬᠠᠨ ᠪᠠᠶᠢᠳᠠᠯ ᠪᠣᠯᠤᠨ ᠠᠵᠢᠯ ᠤᠨ ᠪᠠᠶᠢᠷᠢᠰᠢᠯ ᠢ ᠦᠨᠡᠨᠬᠦ ᠪᠣᠶ ᠪᠣᠯᠭᠠᠬᠤ | ᠬᠡᠷᠡᠭᠲᠡᠶ ᠭᠡᠵᠦ ᠴᠢᠬᠤᠯᠠᠴᠢᠯᠠᠪᠠ᠃ | | | | ᠬᠤᠷᠠᠯ ᠠᠴᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠪᠦᠷᠢᠯᠳᠦᠬᠦᠨ ᠤ ᠵᠢᠱᠢᠭᠳᠡᠭᠰᠡᠳ ᠤᠨ ᠰᠠᠨᠠᠭᠤᠯᠭ᠎ᠠ ᠶᠢᠨ ᠲᠤᠬᠠᠶ ᠤᠴᠢᠷ ᠶᠠᠪᠤᠳᠠᠯ ᠢ ᠶᠠᠷᠢᠯᠴᠠᠵᠤ᠂ | ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠬᠤᠷᠢᠶᠠᠨ ᠤ | ᠤᠴᠢᠷ ᠶᠠᠪᠤᠳᠠᠯ ᠢ ᠬᠢᠨᠠᠨ ᠵᠥᠪᠯᠡᠵᠦ᠂ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠥᠷᠪᠡᠳᠦᠭᠡᠷ | ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠪᠠ ᠠᠩᠬᠠᠳᠤᠭᠠᠷ ᠬᠤᠭᠤᠴᠠᠭᠠᠨ ᠤ ᠬᠢᠨᠠᠭᠴᠢᠳ ᠤᠨ ᠵᠥᠪᠯᠡᠯ | ᠤᠨ ᠪᠦᠷᠢᠯᠳᠦᠬᠦᠨ ᠤ ᠵᠢᠱᠢᠭᠳᠡᠭᠰᠡᠳ ᠤᠨ ᠰᠠᠨᠠᠭᠤᠯᠭ᠎ᠠ ᠶᠢᠨ ᠬᠤᠯᠪᠣᠭᠳᠠᠯ ᠪᠥᠬᠦᠶ ᠤᠴᠢᠷ ᠶᠠᠪᠤᠳᠠᠯ ᠢ ᠬᠢᠨᠠᠨ | ᠵᠥᠪᠯᠡᠪᠡ᠃ ︵ᠬᠤ᠋ ᠵᠢᠩ ᠶᠤᠸᠠᠨ︶ | |