| | 12 ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠤᠬᠠᠭᠤᠯᠬᠤ ᠬᠡᠯᠲᠡᠰ ᠤᠨ ᠳᠠᠷᠤᠭ᠎ᠠ᠂ ᠠᠷᠤ ᠬᠤᠷᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠢᠦ᠋ᠶ ᠸᠧᠶ | ᠳ᠋ᠦᠩ ᠬᠤᠰᠢᠭᠤᠨ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠵᠢᠴᠢ ᠰᠤᠮᠤ ᠰᠢᠶᠠᠩ | ᠪᠠᠯᠭᠠᠰᠤ᠂ ᠵᠡᠭᠡᠯᠢ ᠭᠤᠳᠤᠮᠵᠢ ᠶᠢᠨ ᠨᠠᠮ ᠤᠨ ︵ᠠᠵᠢᠯᠯᠠᠬᠤ︶ ᠬᠤᠷᠢᠶᠠᠨ ᠤ ᠱᠦᠵᠢ ᠶᠢᠨ ᠨᠠᠮ ᠤᠨ ᠵᠡᠪᠰᠡᠭᠲᠦ | ᠬᠦᠴᠦᠨ ᠤ ᠲᠤᠰᠢᠶᠠᠯ ᠤᠨ ᠮᠡᠳᠡᠭᠦᠯᠦᠯᠲᠡ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠨᠠᠮ ᠤᠨ | ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠸᠧᠢ ᠪᠢᠯᠢᠭ ᠵᠡᠷᠭᠡ ᠬᠤᠰᠢᠭᠤᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ | ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢᠩ ᠾᠧ᠂ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ ᠤ ᠲᠡᠷᠢᠭᠦᠯᠡᠭᠴᠢ ᠵᠠᠩ ᠴᠧᠨ᠂ ᠪᠠᠶᠢᠩᠭᠤ ᠶᠢᠨ ᠭᠡᠰᠢᠭᠦᠨ ᠪᠤᠰᠤ ᠰᠢᠶᠠᠨ ᠭᠠᠵᠠᠷ ᠤᠨ ᠲᠠᠰ ᠤᠨ | ᠤᠳᠤᠷᠢᠳᠤᠯᠭ᠎ᠠ ᠪᠣᠯᠤᠨ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠨᠠᠮ ᠤᠨ ︵ᠠᠵᠢᠯᠯᠠᠬᠤ︶ | ᠬᠤᠷᠢᠶ᠎ᠠ ᠶᠢᠨ ᠱᠦᠵᠢ᠂ ᠬᠠᠮᠢᠶ᠎ᠠ ᠪᠥᠬᠦᠶ ᠴᠢᠳᠠᠮᠵᠢᠲᠦ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ | ᠳᠤ ᠰᠤᠯᠠ ᠣᠷᠣᠯᠴᠠᠵᠠᠶ᠃ | | | | ᠬᠤᠷᠠᠯ ᠳᠤ᠂ ᠴᠢᠪᠠᠭ᠎ᠠ ᠪᠠᠯᠭᠠᠰᠤ᠂ ᠱᠤᠸᠠᠩ ᠱᠧᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠨᠠᠮ | ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠲᠤᠬᠠᠢ ᠲᠤᠰ ᠲᠤᠰ ᠲᠤᠰᠢᠶᠠᠯ ᠤᠨ ᠮᠡᠳᠡᠭᠦᠯᠦᠯᠲᠡ ᠬᠢᠪᠡ᠃ | ᠬᠤᠰᠢᠭᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠥᠷᠥ ᠶᠢᠨ ᠭᠡᠰᠢᠭᠦᠨ ᠷᠧᠨ ᠵᠥᠩ ᠬᠤᠲᠠ | ᠶᠢᠨ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠪᠠ ᠴᠡᠷᠢᠭ ᠤᠨ ᠶᠠᠪᠤᠳᠠᠯ ᠤᠨ ᠬᠤᠷᠢᠶᠠᠨ ᠤ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠬᠡᠯᠲᠡᠰ ᠤᠨ ᠡᠷᠦᠬᠡ ᠶᠢᠨ ᠴᠡᠷᠢᠭ ᠤᠨ | ᠪᠠᠶᠢᠭᠤᠯᠤᠯᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠡᠭᠦᠷᠭᠡ ᠪᠠᠨ ᠪᠡᠶᠡᠯᠡᠭᠦᠯᠬᠦ | ᠲᠤᠬᠠᠶ ᠬᠤᠯᠪᠣᠭᠳᠠᠯ ᠪᠥᠬᠦᠶ ᠵᠣᠷᠢᠭ ᠰᠠᠨᠠᠭ᠎ᠠ ᠶᠢ ᠤᠯᠠᠮᠵᠢᠯᠠᠪᠠ ᠃ ᠬᠤᠰᠢᠭᠤᠨ ᠨᠠᠮ ᠤᠨ ᠬᠤᠷᠢᠶᠠᠨ ᠤ ᠪᠠᠶᠢᠩᠭᠤ | ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠯᠢ ᠵᠢᠩ ᠪᠥᠸᠧ ᠪᠦᠬᠦ ᠬᠤᠰᠢᠭᠤᠨ ᠤ | ᠵᠡᠪᠰᠡᠭᠲᠦ ᠬᠦᠴᠦᠨ ᠤ ᠠᠵᠢᠯ ᠢ ᠬᠠᠷᠢᠭᠤ ᠮᠡᠳᠡᠭᠦᠯᠪᠡ᠃ | | | | ᠬᠤᠷᠠᠯ ᠠᠴᠠ ᠵᠢᠭᠠᠬᠤ ᠳᠠᠭᠠᠨ᠂ ᠡᠯ᠎ᠡ ᠭᠠᠵᠠᠷ ᠣᠷᠣᠨ ᠤ ᠨᠠᠮ ᠤᠨ ᠬᠤᠷᠢᠶ᠎ᠠ ᠵᠡᠪᠰᠡᠭᠲᠦ ᠬᠦᠴᠦᠨ ᠢ | ᠬᠥᠭᠵᠢᠯᠲᠡ ᠶᠢᠨ ᠪᠦᠬᠦ ᠲᠠᠯ᠎ᠠ ᠶᠢᠨ ᠦᠨᠳᠦᠷᠴᠡ ᠠᠴᠠ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠨᠠᠮ ᠠᠴᠠ | ᠵᠡᠪᠰᠡᠭᠲᠦ ᠬᠦᠴᠦᠨ ᠢ ᠬᠠᠮᠢᠶᠠᠷᠬᠤ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠨ᠂ ᠴᠢᠩᠭ᠎ᠠ ᠠᠳᠬᠤᠬᠤ ᠬᠡᠷᠡᠭᠲᠡᠢ᠃ | ᠬᠤᠰᠢᠭᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠨᠢ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ | ᠬᠤᠷᠢᠶ᠎ᠠ ᠪᠠ ᠬᠤᠰᠢᠭᠤᠨ ᠨᠠᠮ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ | ᠬᠢᠨᠠᠮᠠᠭᠠᠶ ᠲᠤᠭᠤᠰᠢᠯᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠭᠤᠤᠯ | ᠰᠢᠵᠢᠮ ᠪᠣᠯᠭᠠᠨ᠂ ᠤᠯᠤᠰ ᠲᠥᠷᠥ ᠶᠢᠨ ᠴᠢᠭᠯᠡᠯ ᠢ ᠪᠠᠲᠤ ᠡᠵᠡᠮᠳᠡᠨ᠂ ᠴᠡᠷᠢᠭ ᠪᠣᠯᠪᠠᠰᠤᠷᠠᠭᠤᠯᠤᠨ ᠲᠡᠶᠢᠨ ᠳᠤ | ᠪᠡᠯᠡᠳᠬᠡᠬᠦ ᠶᠢ ᠴᠢᠩᠭ᠎ᠠ ᠠᠳᠬᠤᠵᠤ᠂ ᠴᠡᠷᠢᠭ ᠠᠩᠭᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠠᠬᠢᠯᠭ᠎ᠠ | ᠪᠠᠲᠤ ᠣᠪᠣᠷ ᠰᠤᠷᠲᠠᠯ ᠢ ᠴᠢᠩᠭ᠎ᠠ ᠬᠠᠮᠢᠶᠠᠷᠴᠤ᠂ ᠣᠷᠣᠨ ᠨᠤᠲᠤᠭ ᠲᠤ ᠨᠠᠩ ᠰᠠᠶᠢᠨ ᠦᠢᠯᠡᠴᠢᠯᠡᠨ᠂ ᠪᠥᠬᠦ | ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ | ᠳᠤ ᠰᠢᠨ᠎ᠡ ᠠᠮᠵᠢᠯᠲᠠ ᠪᠦᠲᠦᠮᠵᠢ ᠤᠯᠬᠤ ᠶᠢ ᠠᠬᠢᠭᠤᠯᠵᠤ᠂ ᠰᠢᠨ᠎ᠡ ᠬᠥᠭᠵᠢᠯᠲᠡ ᠶᠢ ᠪᠡᠶᠡᠯᠡᠭᠦᠯᠵᠦ᠂ ᠪᠥᠬᠦ | ᠬᠤᠰᠢᠭᠤᠨ ᠤ ᠠᠵᠤ ᠠᠬᠤᠶ ᠨᠡᠶᠢᠭᠡᠮ ᠤᠨ ᠲᠣᠭᠲᠠᠭᠤᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠬᠦᠯᠬᠦ | ᠬᠡᠷᠡᠭᠲᠡᠢ ᠭᠡᠪᠡ᠃ | | | | ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠤᠯᠤᠰ ᠲᠦᠷᠦ ᠶᠢᠨ | ᠴᠢᠭᠯᠡᠯ ᠢᠶᠠᠨ ᠪᠠᠲᠤ ᠡᠵᠡᠮᠳᠡᠨ᠂ ᠰᠢᠨ᠎ᠡ ᠴᠠᠭ ᠦᠶ᠎ᠡ ᠶᠢᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ | ᠰᠠᠶᠢᠲᠤᠷ ᠬᠢᠬᠦ ᠬᠠᠷᠢᠭᠤᠴᠠᠯᠭ᠎ᠠ ᠡᠭᠦᠷᠭᠡᠯᠡᠯ ᠢᠶᠠᠨ ᠦᠨᠡᠨᠬᠦ ᠴᠢᠩᠭᠠᠳᠬᠠᠬᠤ ᠬᠡᠷᠡᠭᠲᠡᠢ᠂ ᠡᠯ᠎ᠡ ᠨᠠᠮ ᠤᠨ ᠬᠤᠷᠢᠶ᠎ᠠ ︵ | ᠨᠠᠮ ᠤᠨ ᠤᠳᠤᠷᠢᠳᠬᠤ ᠳᠤᠭᠤᠶᠢᠯᠠᠩ︶ ᠤᠯᠤᠰ ᠲᠦᠷᠦ ᠶᠢᠨ ᠲᠠᠯ᠎ᠠ ᠠᠴᠠ ᠵᠡᠪᠰᠡᠭᠲᠦ ᠬᠦᠴᠦᠨ ᠤ ᠠᠵᠢᠯ ᠳᠤ | ᠬᠠᠨᠳᠤᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠡᠷᠡᠰ ᠬᠡᠷᠡᠭᠵᠢᠭᠦᠯᠵᠦ᠂ ᠨᠠᠮ | ᠠᠴᠠ ᠵᠡᠪᠰᠡᠭᠲᠦ ᠬᠦᠴᠦᠨ ᠢ ᠬᠠᠮᠢᠶᠠᠷᠬᠤ ᠶᠢ ᠢᠮᠠᠭᠲᠠ ᠴᠢᠬᠤᠯᠠ ᠪᠠᠶᠢᠷᠢᠨ ᠳᠤ ᠲᠠᠯᠪᠢᠵᠤ᠂ ᠵᠡᠪᠰᠡᠭᠲᠦ ᠬᠦᠴᠦᠨ ᠢ | ᠬᠠᠮᠢᠶᠠᠷᠬᠤ᠂ ᠵᠡᠪᠰᠡᠭᠲᠦ ᠬᠦᠴᠦᠨ ᠢ ᠪᠠᠶᠢᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨᠬᠦ ᠰᠠᠶᠢᠲᠤᠷ | ᠭᠦᠢᠴᠡᠳᠬᠡᠬᠦ ᠬᠡᠷᠡᠭᠲᠡᠢ᠃ ᠡᠯ᠎ᠡ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ | ᠤᠳᠤᠷᠢᠳᠬᠤ ᠦᠢᠯᠡᠳᠦᠯ ᠢᠶᠠᠨ ᠦᠨᠡᠨᠬᠦ ᠪᠠᠳᠠᠷᠠᠭᠤᠯᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ | ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ | ᠡᠭᠦᠷᠭᠡ ᠴᠢᠳᠠᠪᠬᠢ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ | ᠢ ᠪᠦᠬᠦ ᠲᠠᠯ᠎ᠠ ᠪᠠᠷ ᠴᠢᠩᠭᠠᠳᠬᠠᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠪᠣᠯᠤᠨ ᠪᠡᠯᠡᠳᠬᠡᠯ | ᠬᠦᠴᠦᠨ ᠤ ᠪᠠᠶᠢᠭᠤᠯᠤᠯᠲᠠ ᠶᠢ ᠦᠨᠡᠨᠬᠦ ᠰᠠᠶᠢᠲᠤᠷ ᠠᠳᠬᠤᠵᠤ᠂ ᠪᠠᠴᠢᠮ ᠬᠦᠴᠢᠷ ᠠᠶᠤᠯᠲᠠᠢ ᠬᠦᠨᠳᠦ ᠡᠭᠦᠷᠭᠡ ᠶᠢ | ᠡᠭᠦᠷᠭᠡᠯᠡᠬᠦ ᠴᠢᠳᠠᠪᠤᠷᠢ ᠪᠠᠨ ᠳᠡᠭᠡᠭᠰᠢᠯᠡᠬᠦᠯᠦᠨ᠂ ᠪᠦᠬᠦ ᠬᠤᠰᠢᠭᠤᠨ ᠤ ᠨᠠᠮ ᠠᠴᠠ ᠵᠡᠪᠰᠡᠭᠲᠦ ᠬᠦᠴᠦᠨ ᠢ | ᠬᠠᠮᠢᠶᠠᠷᠬᠤ ᠠᠵᠢᠯ ᠢ ᠨᠡᠩ ᠥᠨᠳᠥᠷ ᠲᠦᠪᠰᠢᠨ ᠲᠡᠶᠢᠰᠢ ᠠᠬᠢᠭᠤᠯᠬᠤ ᠬᠡᠷᠡᠭᠲᠡᠢ᠃ ᠭᠤᠤᠯᠳᠠᠯᠭ᠎ᠠ ᠲᠠᠢ ᠬᠦᠷᠢᠶ᠎ᠡ ᠶᠢ | ᠳᠣᠪᠣᠶᠢᠯᠭᠠᠵᠤ᠂ ᠬᠠᠷᠢᠯᠴᠠᠨ ᠠᠭᠤᠰᠤᠯᠴᠠᠨ ᠬᠠᠷᠢᠯᠴᠠᠨ ᠨᠡᠪᠲᠡᠷᠡᠯᠴᠡᠬᠦ ᠶᠢ ᠴᠢᠩᠭᠠᠳᠬᠠᠵᠤ᠂ ᠠᠭᠤᠰᠤᠯᠴᠠᠨ | ᠬᠥᠭᠵᠢᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠬᠤᠶᠠᠷ ᠢ ᠬᠦᠷᠢᠶᠡᠯᠡᠬᠦ ᠦᠷ᠎ᠡ ᠪᠦᠲᠦᠭᠡᠯ ᠢ ᠰᠠᠶᠢᠲᠤᠷ | ᠪᠠᠬᠢᠵᠢᠭᠦᠯᠦᠨ ᠬᠥᠭᠵᠢᠭᠦᠯᠵᠦ᠂ ᠪᠥᠬᠦ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠪᠠ ᠪᠡᠯᠡᠳᠬᠡᠯ ᠬᠦᠴᠦᠨ | ᠤ ᠪᠠᠶᠢᠭᠤᠯᠤᠯᠲᠠ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠴᠢᠷᠮᠠᠶᠢᠨ ᠠᠬᠢᠭᠤᠯᠵᠤ᠂ ᠪᠥᠬᠦ ᠬᠤᠰᠢᠭᠤᠨ ᠤ | ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ | ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ︵ᠬᠤ᠋ ᠵᠢᠩ ᠶᠤᠸᠠᠨ︶ | | |