ᠬᠦᠯᠢᠶᠡᠨ ᠰᠢᠢᠳᠪᠦᠷᠢᠯᠡᠬᠦ ᠨᠥᠬᠦᠴᠡᠯ | ︵ᠨᠢᠭᠡ︶ ᠵᠥᠪᠰᠢᠶᠡᠷᠡᠬᠦ ᠨᠥᠬᠦᠴᠡᠯ᠄ 1. ᠭᠤᠶᠤᠴᠢᠯᠠᠭᠰᠠᠨ ᠵᠦᠢᠯ ᠨᠢ ᠲᠤᠰ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ᠃ 2. ᠭᠤᠶᠤᠴᠢᠯᠠᠭᠴᠢ ᠶᠢᠨ | ᠲᠤᠰᠢᠶᠠᠭᠰᠠᠨ ᠭᠤᠶᠤᠴᠢᠯᠠᠯ ᠤᠨ ᠮᠠᠲ᠋ᠧᠷᠢᠶᠠᠯ ᠨᠢ ᠬᠠᠤᠯᠢ ᠳᠤ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠨ᠎ᠡ᠃ 3. | ᠭᠤᠶᠤᠴᠢᠯᠠᠭᠴᠢ ᠵᠠᠰᠠᠭ ᠵᠠᠬᠢᠷᠭᠠᠨ ᠤ ᠵᠥᠪᠰᠢᠶᠡᠷᠡᠯ ᠢ ᠭᠦᠢᠴᠡᠳᠬᠡᠬᠦ ᠳᠤ ᠲᠤᠰ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠱᠠᠭᠠᠷᠳᠠᠯᠭ᠎ᠠ ᠶᠣᠰᠣᠭᠠᠷ ᠨᠢᠭᠡ ᠤᠳᠠᠭ᠎ᠠ ᠶᠢᠨ ᠴᠢᠨᠠᠷᠲᠠᠢ ᠮᠡᠳᠡᠭᠳᠡᠬᠦ ᠮᠠᠲ᠋ᠧᠷᠢᠶᠠᠯ ᠢ ᠪᠦᠷᠢᠨ | ᠭᠦᠢᠴᠡᠳ ᠬᠠᠩᠭᠠᠭᠰᠠᠨ ᠪᠤᠶᠤ ᠪᠦᠷᠢᠨ ᠭᠦᠢᠴᠡᠳ ᠨᠥᠬᠦᠪᠦᠷᠢᠯᠡᠭᠰᠡᠨ᠃ | ︵ᠬᠤᠶᠠᠷ︶ ᠥᠯᠥ ᠵᠥᠪᠰᠢᠶᠡᠷᠡᠬᠦ ᠪᠠᠶᠢᠳᠠᠯ᠄ 1. ᠭᠤᠶᠤᠴᠢᠯᠠᠭᠰᠠᠨ ᠵᠦᠢᠯ ᠨᠢ ᠲᠤᠰ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠨ ᠤ ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠶ᠃ | 2. ᠭᠤᠶᠤᠴᠢᠯᠠᠭᠴᠢ ᠶᠢᠨ ᠳᠡᠪᠰᠢᠭᠦᠯᠦᠭᠰᠡᠨ ᠭᠤᠶᠤᠴᠢᠯᠠᠯ ᠤᠨ ᠮᠠᠲ᠋ᠧᠷᠢᠶᠠᠯ ᠨᠢ ᠪᠣᠳᠠᠲᠠᠢ ᠲᠠᠢ ᠨᠡᠶᠢᠴᠡᠬᠦ ᠦᠭᠡᠢ᠃ | ︵ᠭᠤᠷᠪᠠ︶ ᠲᠣᠳᠣᠷᠬᠠᠶᠢᠯᠠᠬᠤ ᠴᠢᠬᠤᠯᠠ ᠲᠠᠢ ᠪᠤᠰᠤᠳ ᠪᠠᠶᠢᠳᠠᠯ᠄ ᠬᠢᠨᠠᠨ ᠵᠥᠪᠰᠢᠶᠡᠷᠡᠬᠦ ᠲᠤᠭ᠎ᠠ | ᠬᠡᠮᠵᠢᠶᠡᠨ ᠤ ᠬᠢᠵᠠᠭᠠᠷᠯᠠᠯ ᠥᠭᠡᠢ᠃ | | ᠲᠣᠭᠲᠠᠭᠠᠭᠰᠠᠨ ᠦᠨᠳᠦᠰᠦᠯᠡᠯ | ︽ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠤᠨ ᠠᠶᠤᠯᠭᠦᠶ ᠶᠢᠨ ᠬᠠᠮᠢᠶᠠᠷᠤᠯᠲᠠ ᠶᠢᠨ ᠲᠦᠷᠢᠮ︾ | ︵2006 ᠣᠨ ᠤ 5 ᠰᠠᠷ᠎ᠠ ᠶᠢᠨ 10 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ 466 ᠳ᠋ᠤᠭᠠᠷ | ᠲᠣᠭᠠᠲᠤ᠂ 2014 ᠣᠨ ᠤ 7 ᠰᠠᠷ᠎ᠠ ᠶᠢᠨ 29 ᠤ ᠡᠳᠦᠷ ᠵᠠᠰᠠᠪᠤᠷᠢ ᠣᠷᠣᠭᠤᠯᠪᠠ︶ ᠤᠨ ᠭᠤᠷᠪᠠᠳᠤᠭᠠᠷ | ᠵᠤᠷᠪᠤᠰ ᠲᠤ᠂ ᠤᠯᠤᠰ ᠠᠴᠠ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠢ ᠦᠢᠯᠡᠳᠪᠦᠷᠢᠯᠡᠬᠦ᠂ | ᠪᠣᠷᠣᠯᠠᠭᠤᠯᠬᠤ᠂ ᠬᠤᠳᠠᠯᠳᠤᠨ ᠠᠪᠬᠤ᠂ ᠲᠡᠭᠡᠭᠡᠪᠦᠷᠢᠯᠡᠬᠦ ᠪᠠ ᠳᠡᠯᠪᠡᠴᠢᠬᠦ ᠠᠵᠢᠯᠯᠠᠭᠠᠨ ᠳᠤ ᠬᠡᠷᠡᠭᠯᠡᠬᠦ | ᠵᠥᠪᠰᠢᠶᠡᠷᠡᠯ ᠤᠨ ᠦᠨᠡᠮᠯᠡᠯ ᠤᠨ ᠲᠦᠷᠢᠮ ᠢ ᠬᠡᠷᠡᠭᠵᠢᠭᠦᠯᠦᠨ᠎ᠡ᠃ | ᠬᠤᠷᠢᠨ ᠵᠢᠷᠭᠤᠳᠤᠭᠠᠷ ᠵᠤᠷᠪᠤᠰ ᠲᠤ᠂ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠢ ᠲᠡᠭᠡᠭᠡᠪᠦᠷᠢᠯᠡᠬᠦ ᠳᠤ | ᠂ ᠪᠠᠷᠠᠭ᠎ᠠ ᠬᠦᠯᠢᠶᠡᠨ ᠠᠪᠬᠤ ᠨᠢᠭᠡᠴᠢ ᠨᠢ ᠲᠡᠭᠡᠭᠡᠪᠦᠷᠢᠯᠡᠨ ᠬᠦᠷᠭᠡᠬᠦ ᠭᠠᠵᠠᠷ ᠤᠨ ᠰᠢᠶᠠᠨ ᠤ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠭᠤᠶᠤᠴᠢᠯᠠᠯ ᠭᠠᠷᠭᠠᠬᠤ ᠬᠡᠷᠡᠭᠲᠡᠶ᠃ | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ | | ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ | ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 1 — 5 | ᠳ᠋ᠤᠭᠠᠷ ᠴᠣᠩᠬᠤ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ | ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃ 1 ᠳ᠋ᠦ᠋ᠭᠡᠷ ᠵᠠᠮ ᠤᠨ | ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ | ᠪᠠᠭᠤᠨ᠎ᠠ᠂ ᠵᠡᠭᠦᠨᠰᠢ 100 ᠮᠧᠲᠷ ᠤᠨ ᠵᠠᠮ ᠤᠨ ᠬᠤᠶᠢᠲᠤ ᠲᠠᠯ᠎ᠠ᠃ | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠰᠢᠯᠵᠢᠭᠦᠯᠦᠨ | ᠣᠷᠴᠢᠭᠤᠯᠪᠠ᠃ | ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw. | nmg.gov.cn/handle_affairs_detail? | item_detail_id=bb4497086b1a5d56016b1b05cb1e2508®ionCode=150421000000&highlight=personal&record=istrue |