ᠠᠷᠤ ᠬᠤᠷᠴᠢᠨ ᠬᠤᠰᠢᠭᠤ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠬᠤ ᠠᠵᠢᠯ ᠥᠷᠨᠢᠭᠦᠯᠵᠦ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2021/12/7
       ᠠᠷᠤ ᠬᠤᠷᠴᠢᠨ ᠬᠤᠰᠢᠭᠤ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠬᠤ ᠶᠢ ᠪᠠᠲᠤᠯᠠᠬᠤ ᠶᠢᠨ ᠲᠥᠯᠥᠭᠡ᠂ ᠠᠷᠤ ᠬᠤᠷᠴᠢᠨ ᠬᠤᠰᠢᠭᠤᠨ ᠤ ᠤᠯᠤᠰ ᠤᠨ ᠥᠮᠴᠢᠯᠡᠯᠲᠦ ᠠᠮᠤ ᠪᠤᠳᠠᠭᠠᠨ ᠤ ᠨᠥᠭᠡᠴᠡᠯᠡᠯ ᠤᠨ ᠬᠥᠮᠥᠷᠭᠡ᠂ ᠤᠯᠠᠭᠠᠨᠬᠠᠳᠠ ᠬᠤᠲᠠ ᠶᠢᠨ ᠮᠸᠡᠭ ᠲᠢᠶᠠᠨ ︵ᠠᠮᠤ ᠲᠣᠰᠣ︶ ᠪᠦᠯᠦᠭᠯᠡᠯ ᠤᠨ ᠬᠢᠵᠠᠭᠠᠷᠲᠤ ᠺᠣᠮᠫᠠᠨᠢ ᠵᠡᠷᠭᠡ ᠬᠤᠶᠠᠷ ᠤᠯᠤᠰ ᠤᠨ ᠥᠮᠴᠢᠯᠡᠯᠲᠦ ᠠᠮᠤ ᠪᠤᠳᠠᠭᠠᠨ ᠤ ᠠᠵᠤ ᠠᠬᠤᠶᠢᠯᠠᠯ ᠢ ᠬᠢᠨᠠᠨ ᠵᠢᠯᠣᠭᠤᠳᠴᠤ ᠪᠠᠶᠢᠴᠠᠭᠠᠪᠠ᠃ ᠪᠠᠶᠢᠴᠠᠭᠠᠬᠤ ᠳᠤᠭᠤᠶᠢᠯᠠᠩ ᠨᠢ ᠭᠤᠤᠯᠳᠠᠭᠤ ᠠᠮᠤ ᠪᠤᠳᠠᠭᠠᠨ ᠤ ᠬᠦᠷᠢᠶᠡᠨ ᠳᠠᠬᠢ ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ᠂ ᠦᠨ᠎ᠡ ᠬᠠᠩᠰᠢ ᠶᠢᠨ ᠭᠠᠭᠴᠠᠭᠠᠷ ᠡᠵᠡᠮᠰᠢᠯ ᠤᠨ ᠦᠢᠯᠡ ᠠᠵᠢᠯᠯᠠᠭ᠎ᠠ ᠪᠣᠯᠣᠨ ᠬᠡᠮᠵᠢᠯᠲᠡ ᠶᠢᠨ ᠬᠠᠣᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠵᠢᠴᠢ ᠪᠤᠰᠤᠳ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠭᠯᠡᠭᠦᠯᠦᠨ ᠬᠢᠨᠠᠯᠲᠠ  ᠲᠠᠯᠪᠢᠨ ᠪᠠᠶᠢᠴᠠᠭᠠᠯᠲᠠ ᠬᠢᠵᠦ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠤᠯᠤᠰ ᠤᠨ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠠᠵᠤ ᠠᠬᠤᠶᠢᠯᠠᠯ ᠤᠨ ᠡᠵᠡᠩᠨᠡᠭᠴᠢᠳ ᠲᠤ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠬᠤ ᠶᠢ ᠰᠡᠷᠡᠮᠵᠢᠯᠡᠭᠦᠯᠦᠨ ᠰᠠᠨᠠᠭᠤᠯᠵᠤ᠂ ᠥᠪᠡᠷ ᠢ ᠪᠠᠨ ᠱᠠᠭᠠᠷᠳᠠᠬᠤ ᠶᠢ ᠦᠨᠡᠨᠬᠦ ᠴᠢᠩᠭᠠᠳᠬᠠᠨ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠡᠭᠦᠰᠬᠦ ᠶᠢ ᠰᠡᠷᠭᠡᠶᠢᠯᠡᠪᠡ ᠃ ᠪᠠᠶᠢᠴᠠᠭᠠᠬᠤ ᠳᠤᠭᠤᠶᠢᠯᠠᠩ ᠤᠨ ᠬᠢᠨ ᠲᠤᠬᠠᠶ ᠶᠢᠨ ᠲᠠᠯᠠᠪᠤᠷ ᠲᠤ ᠡᠯᠧᠺᠲᠷᠣᠨ ᠮᠠᠰᠢᠨ ᠲᠡᠷᠭᠡᠨ ᠤ ᠵᠢᠩᠯᠡᠭᠦᠷ ᠢ 3 ᠰᠢᠯᠭᠠᠨ ᠪᠠᠶᠢᠴᠠᠭᠠᠵᠤ᠂ ᠴᠥᠮ ᠣᠨᠣᠴᠠᠲᠠᠶ ᠬᠢᠷᠢ ᠲᠡᠩᠴᠡᠵᠦ᠂ 2 ᠬᠤᠪᠢ ᠬᠢᠨᠠᠨ ᠪᠠᠶᠢᠴᠠᠭᠠᠬᠤ ᠬᠦᠰᠦᠨᠦᠭ ᠵᠣᠬᠢᠶᠠᠪᠠ᠃
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号